| | | | ᠡᠳ᠋ ᠤᠨ ᠵᠠᠰᠠᠭ ᠤᠨ ᠶᠠᠮᠤᠨ 30 ᠤ ᠡᠳᠦᠷ ᠮᠡᠳᠡᠭᠳᠡᠯ ᠨᠡᠶᠢᠲᠡᠯᠡᠵᠦ᠂ ᠲᠥᠰᠥᠪ ᠢ ᠭᠤᠣᠯᠯᠠᠨ ᠬᠠᠮᠢᠶᠠᠷᠬᠤ | ᠨᠢᠭᠡᠴᠢ ᠲᠣᠰ ᠰᠠᠯᠠᠭ᠎ᠠ ᠮᠥᠴᠢᠷ (ᠬᠠᠷᠢᠶ᠎ᠠ ᠲᠥᠰᠥᠪ ᠤᠨ ᠨᠢᠭᠡᠴᠢ ᠪᠠᠭᠲᠠᠨ᠎ᠠ) ᠤᠨ ᠢᠶᠠᠨ ᠣᠨ ᠤ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠷᠢᠴᠠᠯ ᠢ ᠨᠢᠭᠡᠳᠦᠯᠲᠡᠢ | ᠲᠥᠯᠥᠪᠵᠢᠭᠦᠯᠦᠨ ᠲᠣᠭᠲᠠᠭᠠᠬᠤ ᠬᠡᠷᠡᠭᠲᠡᠢ᠂ ᠰᠢᠨ᠎ᠡ ᠡᠨᠧᠷᠭᠢ ᠶᠢᠨ ᠮᠠᠰᠢᠨ ᠲᠡᠷᠭᠡ ᠨᠢ ᠪᠣᠳᠠᠲᠠᠢ ᠬᠡᠷᠡᠭᠴᠡᠭᠡ ᠶᠢ | ᠬᠠᠩᠭᠠᠵᠤ ᠳᠡᠶᠢᠯᠭᠦ ᠪᠠᠶᠢᠳᠠᠯ ᠳᠣᠣᠷ᠎ᠠ᠂ ᠣᠨ ᠤ ᠠᠯᠪᠠᠨ ᠬᠡᠷᠡᠭᠯᠡᠭᠡᠨ ᠤ ᠮᠠᠰᠢᠨ ᠲᠡᠷᠭᠡ ᠬᠤᠳᠠᠯᠳᠤᠨ ᠠᠪᠬᠤ | ᠶᠡᠷᠦᠩᠬᠡᠢ ᠬᠡᠮᠵᠢᠶ᠎ᠡ ᠶᠢᠨ ᠳᠣᠲᠣᠷ᠎ᠠ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠡᠵᠡᠯᠡᠬᠦ ᠬᠠᠷᠢᠴᠠᠯ ᠢ ᠵᠠᠷᠴᠢᠮ | ᠳᠡᠭᠡᠷ᠎ᠡ ᠪᠠᠨ 30% ᠠᠴᠠ ᠳᠣᠣᠷ᠎ᠠ ᠪᠠᠶᠢᠯᠭᠠᠵᠤ ᠪᠤᠯᠬᠤ ᠦᠭᠡᠢ ᠭᠡᠵᠡᠢ᠃ | | | | | ᠡᠭᠦᠨ ᠳᠤ᠂ ᠵᠠᠮ ᠱᠤᠭᠤᠮ ᠨᠢ ᠬᠠᠷᠢᠴᠠᠩᠭᠤᠢ ᠲᠣᠭᠲᠠᠮᠠᠯ᠂ ᠬᠡᠷᠡᠭᠯᠡᠬᠦ ᠭᠠᠵᠠᠷ ᠲᠠᠯᠠᠪᠤᠷ ᠨᠢ ᠲᠠᠩ ᠴᠤᠯᠭᠤᠢ᠂ | ᠭᠤᠣᠯᠳᠠᠭᠤ ᠬᠤᠲᠠ ᠶᠢᠨ ᠲᠣᠭᠤᠷᠢᠭ ᠲᠤ ᠵᠠᠷᠤᠬᠤ ᠨᠢᠭᠤᠴᠠ ᠴᠢᠮᠡᠭᠡ ᠨᠡᠪᠲᠡᠷᠡᠯᠭᠡ ᠵᠡᠷᠭᠡ ᠶᠢᠨ ᠠᠯᠪᠠᠨ ᠬᠡᠷᠡᠭᠯᠡᠭᠡᠨ | ᠤ ᠮᠠᠰᠢᠨ ᠲᠡᠷᠭᠡ ᠶᠢ ᠪᠣᠯ ᠵᠠᠷᠴᠢᠮ ᠳᠡᠭᠡᠷ᠎ᠡ ᠪᠠᠨ 100% ᠪᠠᠷ ᠰᠢᠨ᠎ᠡ ᠡᠨᠧᠷᠭᠢ ᠶᠢᠨ ᠮᠠᠰᠢᠨ ᠲᠡᠷᠭᠡ ᠠᠪᠬᠤ | ᠬᠡᠷᠡᠭᠲᠡᠢ᠃ ᠲᠡᠷᠭᠡ ᠲᠦᠷᠢᠶᠡᠰᠦᠯᠡᠬᠦ ᠦᠢᠯᠡᠴᠢᠯᠡᠭᠡ ᠬᠤᠳᠠᠯᠳᠤᠨ ᠠᠪᠬᠤ ᠳᠤ ᠰᠢᠨ᠎ᠡ ᠡᠨᠧᠷᠭᠢ ᠶᠢᠨ ᠮᠠᠰᠢᠨ ᠲᠡᠷᠭᠡ ᠶᠢ | ᠡᠩ ᠲᠡᠷᠢᠭᠦᠨ ᠳᠤ ᠲᠦᠷᠢᠶᠡᠰᠦᠯᠡᠨ ᠬᠡᠷᠡᠭᠯᠡᠬᠦ ᠬᠡᠷᠡᠭᠲᠡᠢ᠃ | ᠮᠡᠳᠡᠭᠳᠡᠯ ᠢ ᠦᠨᠳᠦᠰᠦᠯᠡᠪᠡᠯ᠂ ᠬᠤᠳᠠᠯᠳᠤᠨ ᠠᠪᠤᠭᠴᠢ ᠨᠢ ᠠᠯᠪᠠᠨ ᠬᠡᠷᠡᠭᠯᠡᠭᠡᠨ ᠤ ᠮᠠᠰᠢᠨ ᠲᠡᠷᠭᠡ ᠶᠢᠨ ᠵᠠᠰᠠᠭ ᠤᠨ | ᠣᠷᠳᠣᠨ ᠤ ᠬᠤᠳᠠᠯᠳᠤᠨ ᠠᠪᠬᠤ ᠬᠡᠷᠡᠭᠴᠡᠭᠡ ᠱᠠᠭᠠᠷᠳᠠᠯᠭ᠎ᠠ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠴᠢᠳᠠᠮᠵᠢ᠂ ᠬᠡᠷᠡᠭᠴᠡᠭᠡ ᠵᠡᠷᠭᠡ ᠪᠠᠶᠢᠳᠠᠯ ᠢ ᠭᠦᠢᠴᠡᠳ ᠣᠶᠢᠯᠠᠭᠠᠵᠤ᠂ ᠪᠣᠳᠠᠲᠤ | ᠬᠡᠷᠡᠭᠴᠡᠭᠡ ᠲᠠᠢ ᠪᠠᠨ ᠤᠶᠠᠯᠳᠤᠭᠤᠯᠤᠨ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠲᠦᠷᠦᠭᠦᠯᠡᠨ ᠬᠡᠷᠡᠭᠯᠡᠬᠦ ᠬᠡᠷᠡᠭᠲᠡᠢ᠃ | | | | | ︵ᠢᠷᠡᠯᠲᠡ᠄ ᠰᠢᠨᠬᠤᠸᠠ ᠬᠤᠷᠢᠶ᠎ᠠ︶ | | |