2025 ᠣᠨ ᠳᠤ ᠲᠣᠰ ᠬᠤᠶᠠᠷ ᠠᠷᠭ᠎ᠠ ᠶᠢ ᠲᠣᠭᠲᠠᠭᠠᠨ᠎ᠠ
ᠨᠡᠶᠢᠲᠡᠯᠡᠭᠰᠡᠨ ᠴᠠᠭ᠄
2025/1/2
      ᠮᠠᠨ ᠤ ᠤᠯᠤᠰ 2025 ᠣᠨ ᠳᠤ ᠣᠷᠣᠯᠭ᠎ᠠ ᠪᠠᠭᠠᠲᠠᠢ ᠬᠥᠮᠥᠨ ᠠᠮᠠ ᠶᠢ ᠮᠠᠭᠠᠳᠯᠠᠨ ᠲᠣᠭᠲᠠᠭᠠᠬᠤ ᠠᠷᠭ᠎ᠠ᠂ ᠣᠷᠣᠯᠭ᠎ᠠ ᠪᠠᠭᠠᠲᠠᠢ ᠭᠡᠷ ᠪᠦᠯᠢ ᠶᠢᠨ ᠠᠵᠤ ᠠᠬᠤᠢ ᠶᠢᠨ ᠪᠠᠶᠢᠳᠠᠯ ᠢ ᠬᠠᠷᠭᠤᠭᠤᠯᠬᠤ ᠠᠷᠭ᠎ᠠ ᠶᠢ ᠲᠣᠭᠲᠠᠭᠠᠵᠤ᠂ ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠦᠷᠭᠦᠯᠵᠢᠯᠡᠨ ᠪᠦᠷᠢᠨᠰᠢᠭᠦᠯᠬᠦ ᠪᠠᠷ ᠪᠤᠢ᠃ ᠡᠭᠦᠨ ᠢ ᠰᠤᠷᠪᠤᠯᠵᠢᠯᠠᠬᠴᠢ 30 ᠤ ᠡᠳᠦᠷ ᠬᠤᠷᠠᠯᠳᠤᠭᠤᠯᠤᠭᠰᠠᠨ ᠪᠦᠭᠦ ᠤᠯᠤᠰ ᠤᠨ ᠠᠷᠠᠳ ᠤᠨ ᠶᠠᠪᠤᠳᠠᠯ ᠤᠨ ᠠᠵᠢᠯ ᠤᠨ ᠬᠤᠷᠠᠯ ᠠᠴᠠ ᠣᠶᠢᠯᠠᠭᠠᠵᠤ ᠣᠯᠣᠭᠰᠠᠨ ᠶᠤᠮ᠃      ᠳᠦᠷᠢᠮ ᠲᠣᠭᠲᠠᠭᠠᠯ ᠢ ᠲᠡᠭᠦᠯᠳᠡᠷᠵᠢᠭᠦᠯᠬᠦ ᠠᠴᠠ ᠭᠠᠳᠠᠨ᠎ᠠ᠂ ᠠᠷᠠᠳ ᠤᠨ ᠶᠠᠪᠤᠳᠠᠯ ᠤᠨ ᠶᠠᠮᠤᠨ ᠠᠴᠠ ᠪᠠᠰᠠ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠦᠷᠲᠡᠭᠦ ᠳᠤ ᠬᠠᠪᠢᠳᠠᠭᠰᠠᠨ ᠭᠡᠷ ᠪᠦᠯᠢ᠂ ᠬᠠᠲᠠᠭᠤ ᠵᠠᠷᠤᠯᠭ᠎ᠠ ᠳᠠᠭᠠᠨ ᠬᠦᠴᠢᠷᠳᠡᠯᠲᠡᠢ ᠪᠠᠶᠢᠬᠤ ᠶᠠᠳᠠᠭᠤ ᠬᠦᠴᠢᠷᠳᠡᠯᠲᠡᠢ ᠭᠡᠷ ᠪᠦᠯᠢ ᠶᠢ ᠮᠠᠭᠠᠳᠯᠠᠨ ᠲᠣᠭᠲᠠᠭᠠᠬᠤ ᠠᠵᠢᠯ ᠢ ᠪᠦᠭᠦ ᠲᠠᠯ᠎ᠠ ᠪᠠᠷ ᠥᠷᠨᠢᠭᠦᠯᠬᠦ ᠶᠢᠨ ᠬᠠᠮᠲᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠣᠷᠣᠯᠭ᠎ᠠ ᠪᠠᠭᠠᠲᠠᠢ ᠬᠥᠮᠥᠨ ᠠᠮᠠ ᠶᠢ ᠨᠢᠭᠡᠳᠦᠯᠲᠡᠢ ᠮᠠᠭᠠᠳᠯᠠᠨ ᠲᠣᠭᠲᠠᠭᠠᠵᠤ ᠬᠢᠨᠠᠨ ᠬᠡᠮᠵᠢᠬᠦ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠬᠠᠮᠵᠢᠯᠴᠠᠨ ᠠᠪᠤᠷᠠᠨ ᠲᠤᠰᠠᠯᠠᠵᠤ ᠬᠠᠪᠰᠤᠷᠤᠨ ᠲᠡᠳᠬᠦᠬᠦ ᠪᠠᠶᠢᠭᠤᠯᠤᠯ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠪᠣᠯᠣᠨ᠎ᠠ᠃ᠣᠳᠣᠬᠠᠨ ᠳᠤ᠂ ᠮᠠᠨ ᠤ ᠤᠯᠤᠰ ᠤᠨ ᠨᠡᠶᠢᠭᠡᠮ ᠤᠨ ᠠᠪᠤᠷᠠᠨ ᠲᠤᠰᠠᠯᠠᠯᠲᠠ ᠶᠠᠭ ᠲᠠᠩ ᠴᠤᠯᠭᠤᠢ ᠡᠳ᠋ ᠪᠣᠳᠠᠰ ᠤᠨ ᠠᠪᠤᠷᠠᠨ ᠲᠤᠰᠠᠯᠠᠯᠲᠠ ᠠᠴᠠ ︽ᠡᠳ᠋ ᠪᠣᠳᠠᠰ + ᠦᠢᠯᠡᠴᠢᠯᠡᠭᠡ︾ ᠶᠢᠨ ᠶᠡᠷᠦᠩᠬᠡᠶᠢᠯᠡᠭᠰᠡᠨ ᠠᠪᠤᠷᠠᠨ ᠲᠤᠰᠠᠯᠠᠬᠤ ᠵᠠᠭᠪᠤᠷ ᠲᠡᠶᠢᠰᠢ ᠬᠤᠪᠢᠷᠠᠵᠤ ᠪᠠᠶᠢᠨ᠎ᠠ᠃ 2025 ᠣᠨ ᠳᠤ᠂ ᠠᠷᠠᠳ ᠤᠨ ᠶᠠᠪᠤᠳᠠᠯ ᠤᠨ ᠶᠠᠮᠤᠨ ᠦᠢᠯᠡᠴᠢᠯᠡᠭᠡᠨ ᠤ ᠲᠥᠷᠥᠯ ᠤᠨ ᠨᠡᠶᠢᠭᠡᠮ ᠤᠨ ᠠᠪᠤᠷᠠᠨ ᠲᠤᠰᠠᠯᠠᠯᠲᠠ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠲᠣᠭᠲᠠᠭᠠᠵᠤ᠂ ᠣᠷᠣᠯᠭ᠎ᠠ ᠪᠠᠭᠠᠲᠠᠢ ᠬᠥᠮᠥᠨ ᠠᠮᠠ ᠶᠢᠨ ᠠᠵᠢᠯ ᠣᠯᠭᠤᠯᠲᠠ ᠶᠢᠨ ᠠᠪᠤᠷᠠᠨ ᠲᠤᠰᠠᠯᠠᠯᠲᠠ᠂ ᠠᠵᠤ ᠦᠢᠯᠡᠰ ᠢᠶᠠᠷ ᠬᠠᠪᠰᠤᠷᠤᠨ ᠲᠡᠳᠬᠦᠬᠦ ᠵᠡᠷᠭᠡ ᠬᠥᠭᠵᠢᠯᠲᠡ ᠶᠢᠨ ᠭᠡᠯᠪᠡᠷᠢ ᠶᠢᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ ᠪᠣᠯᠣᠨ᠎ᠠ᠃       ︵ᠢᠷᠡᠯᠲᠡ᠄ ᠰᠢᠨᠬᠤᠸᠠ ᠬᠤᠷᠢᠶ᠎ᠠ︶  
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号