| | | | ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠠᠴᠠ ᠣᠶᠢᠯᠠᠭᠠᠭᠰᠠᠨ ᠢᠶᠠᠷ᠂ ᠲᠤᠰ | ᠬᠦᠷᠢᠶᠡᠯᠡᠩ ᠤᠨ ᠨᠠᠶᠢᠷᠠᠯ ᠳᠠᠭᠤᠤ ᠶᠢᠨ ᠪᠦᠯᠭᠦᠮ ᠣᠷᠴᠢᠮᠬᠠᠨ ᠪᠡᠭᠡᠵᠢᠩ ᠤᠨ ᠦᠨᠳᠦᠰᠦᠲᠡᠨ ᠤ ᠰᠣᠶᠣᠯ ᠤᠨ | ᠣᠷᠳᠣᠨ ᠳᠤ ︽ᠳᠥᠷᠪᠡᠨ ᠴᠠᠭ︾ ᠨᠠᠶᠢᠷᠠᠯ ᠳᠠᠭᠤᠤ ᠶᠢᠨ ᠦᠳᠡᠰᠢᠯᠡᠭᠡ ᠡᠷᠭᠢᠯᠡᠵᠤ᠂ ᠤᠮᠠᠷᠠᠲᠤ ᠬᠢᠯᠢ ᠶᠢᠨ ᠤᠳᠬ᠎ᠠ | ᠤᠷᠠᠯᠢᠭ ᠤᠨ ᠰᠣᠳᠣᠨ ᠰᠠᠶᠢᠬᠠᠨ ᠢ ᠬᠠᠷᠠᠭᠤᠯᠵᠤ᠂ ᠪᠡᠭᠡᠵᠢᠩ ᠤᠨ ᠦᠵᠡᠭᠴᠢᠳ ᠲᠤ ᠴᠠᠭᠠᠨ ᠰᠠᠷ᠎ᠠ ᠶᠢᠨ | ᠮᠡᠨᠳᠦᠴᠢᠯᠡᠯ ᠬᠦᠷᠭᠡᠵᠡᠢ᠃ | | | | | ᠦᠳᠡᠰᠢᠯᠡᠭᠡ ᠳᠤ 14 ᠳᠠᠭᠤᠤ ᠶᠢ ᠨᠠᠶᠢᠷᠠᠭᠤᠯᠤᠨ ᠪᠡᠯᠡᠳᠬᠡᠵᠦ᠂ ᠭᠦᠨ ᠵᠤᠵᠠᠭᠠᠨ ᠤᠮᠠᠷᠠᠲᠤ ᠬᠢᠯᠢ ᠶᠢᠨ | ᠰᠣᠶᠣᠯ ᠤᠨ ᠣᠨᠴᠠᠯᠢᠭ ᠪᠦᠬᠦᠢ︽ᠦᠵᠡᠰᠬᠦᠯᠡᠩᠲᠦ ᠰᠠᠶᠢᠬᠠᠨ ᠮᠢᠨᠤ ᠨᠤᠲᠤᠭ︾᠂ ︽ᠤᠭᠠᠯᠵᠠᠨ ᠬᠡ ᠲᠠᠢ ᠡᠮᠡᠭᠡᠯ︾᠂ | ︽ᠬᠥᠳᠡᠭᠡ ᠲᠠᠯ᠎ᠠ ᠳᠤ ᠮᠥᠩᠬᠡ ᠶᠢᠨ ᠨᠠᠷᠠᠨ ᠰᠠᠴᠤᠷᠠᠨ ᠮᠠᠨᠳᠤᠯ᠎ᠠ︾ ᠵᠡᠷᠭᠡ ᠰᠣᠩᠭᠤᠳᠠᠭ ᠳᠠᠭᠤᠤ ᠶᠢ ᠪᠠᠭᠲᠠᠭᠠᠭᠰᠠᠨ | ᠢᠶᠠᠷ ᠪᠠᠷᠠᠬᠤ ᠦᠭᠡᠢ ᠪᠠᠰᠠ ᠤᠷᠤᠰᠬᠠᠯ ᠳᠠᠭᠤᠤ ᠬᠥᠭᠵᠢᠮ ᠢ ᠠᠭᠤᠰᠬᠠᠭᠰᠠᠨ᠂ ᠥᠪᠡᠷᠮᠢᠴᠡ ᠰᠢᠯᠦᠭ ᠤᠨ ᠰᠠᠨᠠᠭ᠎ᠠ | ᠠᠬᠤᠢ ᠪᠦᠬᠦᠢ ︽ᠬᠦᠰᠡᠯ︾᠂ ︽ᠺᠠᠩ ᠴᠢᠶᠣᠤ ᠬᠥᠭᠦᠷᠭᠡ ᠶᠢᠨ ᠠᠶᠠᠷᠯᠠᠯ︾᠂ ︽ᠥᠷᠯᠥᠭ ᠡᠵᠢ ᠶᠢᠨ ᠬᠠᠶᠢᠷ᠎ᠠ︾ ᠵᠡᠷᠭᠡ | ᠠᠷᠪᠠᠨ ᠳᠣᠯᠣᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠣᠯᠠᠨ ᠤᠯᠤᠰ ᠤᠨ ᠨᠠᠶᠢᠷᠠᠯ ᠳᠠᠭᠤᠤ ᠶᠢᠨ | ᠲᠣᠬᠯᠠᠯᠲᠠ ᠳᠤ ᠬᠠᠮᠤᠭ ᠤᠨ ᠥᠨᠳᠥᠷ ᠱᠠᠩᠨᠠᠯ ᠳᠤᠰᠤᠭᠰᠠᠨ ᠪᠦᠲᠦᠭᠡᠯ ᠤᠳ ᠢ ᠳᠠᠭᠤᠯᠠᠭᠰᠠᠨ ᠢᠶᠠᠷ | ᠦᠳᠡᠰᠢᠯᠡᠭᠡ ᠶᠢᠨ ᠤᠷᠠᠯᠢᠭ ᠤᠨ ᠲᠦᠪᠰᠢᠨ ᠮᠠᠰᠢ ᠥᠨᠳᠥᠷ ᠪᠣᠯᠵᠠᠢ᠃ ︽ᠥᠪᠥᠷ ᠮᠣᠩᠭᠤᠯ ᠳᠤ ᠭᠦᠨ ᠵᠤᠵᠠᠭᠠᠨ | ᠰᠣᠶᠣᠯ ᠤᠨ ᠠᠭᠤᠯᠤᠭᠳᠠᠬᠤᠨ ᠲᠠᠢ ᠪᠠᠶᠢᠬᠤ ᠪᠠᠷ ᠪᠠᠷᠠᠬᠤ ᠦᠭᠡᠢ᠂ ᠵᠢᠯ ᠤᠨ ᠳᠥᠷᠪᠡᠨ ᠤᠯᠠᠷᠢᠯ ᠳᠤ ᠴᠥᠮ ᠭᠤᠴᠣ | ᠰᠠᠶᠢᠬᠠᠨ ᠦᠵᠡᠮᠵᠢ ᠲᠠᠢ ᠶᠤᠮ᠃ ︿ᠳᠥᠷᠪᠡᠨ ᠴᠠᠭ﹀ ᠢᠶᠠᠷ ᠭᠤᠣᠯ ᠰᠡᠳᠦᠪ ᠪᠤᠯᠭᠠᠬᠰᠠᠨ ᠳᠠᠭᠤᠤ ᠬᠥᠭᠵᠢᠮ ᠤᠨ | ᠦᠳᠡᠰᠢᠯᠡᠭᠡ ᠪᠣᠯ ᠪᠢᠳᠡᠨ ᠤ ︿ᠠᠶᠠᠯᠭᠤᠲᠤ ᠵᠢᠭᠤᠯᠴᠢᠯᠠᠯ ᠥᠪᠥᠷ ᠮᠣᠩᠭᠤᠯ﹀ ᠭᠡᠬᠦ ᠲᠦᠷᠦᠯ ᠲᠡᠮᠳᠡᠭ ᠢ ᠪᠦᠭᠦ ᠬᠦᠴᠦ | ᠪᠠᠷ ᠢᠶᠠᠨ ᠴᠣᠭᠴᠠᠯᠠᠬᠤ ᠳᠤ ᠬᠢᠭᠰᠡᠨ ᠬᠠᠶᠢᠨ ᠰᠦᠪᠡᠭᠴᠢᠯᠡᠯᠲᠡ ᠪᠣᠯᠣᠨ᠎ᠠ᠃ ᠨᠠᠶᠢᠷᠠᠯ ᠳᠠᠭᠤᠤ ᠭᠡᠬᠦ ᠤᠷᠠᠯᠢᠭ ᠤᠨ | ᠭᠡᠯᠪᠡᠷᠢ ᠪᠠᠷ ᠳᠠᠮᠵᠢᠨ ᠨᠡᠶᠢᠰᠯᠡᠯ ᠪᠡᠭᠡᠵᠢᠩ᠂ ᠴᠢᠨᠠᠭᠰᠢᠯᠠᠪᠠᠯ ᠪᠦᠭᠦ ᠤᠯᠤᠰ ᠤᠨ ᠦᠵᠡᠭᠴᠢᠳ ᠲᠤ ᠥᠪᠥᠷ ᠮᠣᠩᠭᠤᠯ | ᠢ ᠣᠶᠢᠯᠠᠭᠠᠭᠤᠯᠬᠤ ᠶᠢᠨ ᠤᠯᠠᠮ ᠢᠶᠠᠷ ᠥᠪᠥᠷ ᠮᠣᠩᠭᠤᠯ ᠳᠤ ᠨᠡᠩ ᠭᠦᠨ ᠬᠠᠶᠢᠷ᠎ᠠ ᠰᠡᠳᠬᠢᠯᠭᠡ ᠲᠠᠢ ᠪᠤᠯᠬᠤ ᠶᠢ | ᠬᠦᠰᠡᠵᠦ ᠪᠠᠶᠢᠨ᠎ᠠ︾ ᠭᠡᠵᠦ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠶᠢᠷᠠᠯ ᠳᠠᠭᠤᠤ ᠶᠢᠨ | ᠪᠦᠯᠭᠦᠮ ᠤᠨ ᠳᠠᠷᠤᠭ᠎ᠠ ᠨᠠᠷᠠᠰᠤ ᠬᠡᠯᠡᠨ᠎ᠡ᠃ ᠡᠭᠦᠨ ᠠᠴᠠ ᠭᠠᠳᠠᠨ᠎ᠠ᠂ ᠮᠣᠷᠢᠨ ᠬᠤᠭᠤᠷ ᠤᠨ ᠨᠠᠶᠢᠷᠠᠯ ᠬᠥᠭᠵᠢᠮ᠂ | ᠬᠥᠭᠡᠮᠡᠢ᠂ ᠤᠷᠲᠤ ᠶᠢᠨ ᠳᠠᠭᠤᠤ ᠵᠡᠷᠭᠡ ᠥᠪᠥᠷ ᠮᠣᠩᠭᠤᠯ ᠤᠨ ᠣᠨᠴᠠᠯᠢᠭ ᠪᠦᠬᠦᠢ ᠤᠷᠠᠯᠢᠭ ᠤᠨ ᠭᠡᠯᠪᠡᠷᠢ ᠨᠢ | ᠳᠠᠭᠤᠤ ᠬᠥᠭᠵᠢᠮ ᠤᠨ ᠦᠳᠡᠰᠢᠯᠡᠭᠡ ᠳᠤ ᠤᠮᠠᠷᠠᠲᠤ ᠬᠢᠯᠢ ᠶᠢᠨ ᠣᠨᠴᠠᠯᠢᠭ ᠢ ᠵᠤᠵᠠᠭᠠᠳᠬᠠᠵᠤ᠂ ᠪᠡᠭᠡᠵᠢᠩ ᠤᠨ | ᠦᠵᠡᠭᠴᠢᠳ ᠲᠤ ᠤᠮᠠᠷᠠᠲᠤ ᠬᠢᠯᠢ ᠶᠢᠨ ᠰᠣᠶᠣᠯ ᠤᠨ ᠪᠠᠶᠠᠯᠢᠭ ᠠᠭᠤᠯᠤᠭᠳᠠᠬᠤᠨ ᠢ ᠣᠯᠠᠨ ᠡᠰᠢᠴᠢᠯᠡᠨ ᠳᠡᠯᠭᠡᠨ | ᠦᠵᠡᠭᠦᠯᠵᠡᠢ᠃ | | | | | ᠲᠤᠰ ᠤᠳᠠᠭ᠎ᠠ ᠶᠢᠨ ᠦᠳᠡᠰᠢᠯᠡᠭᠡ ᠶᠢ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠵᠥᠪᠯᠡᠯ ᠠᠴᠠ ᠭᠤᠣᠯᠯᠠᠨ ᠡᠷᠭᠢᠯᠡᠵᠦ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ | ᠵᠢᠭᠤᠯᠴᠢᠯᠠᠯ ᠤᠨ ᠲᠢᠩᠬᠢᠮ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ᠂ ᠥᠪᠥᠷ ᠮᠣᠩᠭᠤᠯ ᠤᠨ | ᠤᠷᠠᠯᠢᠭ ᠵᠦᠴᠦᠭᠡ ᠶᠢᠨ ᠬᠦᠷᠢᠶᠡᠯᠡᠩ ᠤᠨ ᠬᠠᠷᠢᠶ᠎ᠠ ᠤᠯᠠᠭᠠᠨ ᠲᠢᠶᠠᠲᠷ ᠺᠤᠮᠫᠠᠨᠢ ᠳᠠᠭᠠᠭᠠᠴᠢᠯᠠᠨ ᠡᠷᠭᠢᠯᠡᠪᠠ᠃ | ᠣᠶᠢᠯᠠᠭᠠᠭᠰᠠᠨ ᠢᠶᠠᠷ᠂ 1 ᠰᠠᠷ᠎ᠠ ᠶᠢᠨ 22 - 23 ᠤ ᠡᠳᠦᠷ᠂ 1 ᠰᠠᠷ᠎ᠠ ᠶᠢᠨ 25 - 26 ᠤ ᠡᠳᠦᠷ ᠪᠤᠯᠲᠠᠯ᠎ᠠ᠂ | ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠦᠨᠳᠦᠰᠦᠲᠡᠨ ᠤ ᠬᠥᠭᠵᠢᠮ ᠤᠨ ᠪᠦᠯᠭᠦᠮ᠂ | ᠬᠤᠤᠯᠢᠨ ᠭᠤᠣᠯ ᠬᠤᠲᠠ ᠶᠢᠨ ᠤᠯᠠᠭᠠᠨᠮᠥ᠋ᠴᠢᠷ ᠲᠣᠰ ᠲᠣᠰ ᠲᠥᠪ ᠤᠨ ᠦᠨᠳᠦᠰᠦᠲᠡᠨ ᠤ ᠰᠣᠶᠣᠯ ᠤᠨ ᠣᠷᠳᠣᠨ᠂ | ᠦᠨᠳᠦᠰᠦᠲᠡᠨ ᠤ ᠲᠢᠶᠠᠲᠷ ᠲᠤ 4 ᠲᠠᠯᠠᠪᠠᠶ ᠳᠠᠭᠤᠤ ᠬᠥᠭᠵᠢᠮ ᠤᠨ ᠲᠤᠰᠬᠠᠢ ᠲᠣᠬᠯᠠᠯᠲᠠ ᠭᠠᠷᠭᠠᠵᠤ᠂ ᠪᠡᠭᠡᠵᠢᠩ | ᠤᠨ ᠦᠵᠡᠭᠴᠢᠳ ᠲᠠᠢ ᠬᠠᠮᠲᠤ ᠦᠷᠭᠦᠯᠵᠢᠯᠡᠨ ᠳᠠᠭᠤᠤ ᠬᠥᠭᠵᠢᠮ ᠢᠶᠠᠷ ᠴᠠᠭᠠᠨ ᠰᠠᠷ᠎ᠠ ᠪᠠᠨ ᠤᠭᠲᠤᠬᠤ ᠪᠣᠯᠣᠨ᠎ᠠ᠃ | | |