ᠤᠰᠤ ᠪᠣᠯ ᠣᠷᠴᠢᠯᠠᠩ ᠤᠨ ᠠᠮᠢ
ᠨᠡᠶᠢᠲᠡᠯᠡᠭᠰᠡᠨ ᠴᠠᠭ᠄
2025/1/20
      ᠤᠰᠤ ᠪᠣᠯ ᠣᠷᠴᠢᠯᠠᠩ ᠤᠨ ᠠᠮᠢ᠂ ᠤᠰᠤ ᠠᠯᠠᠭ᠎ᠠ ᠪᠣᠯ ᠣᠷᠴᠢᠯᠠᠩ ᠴᠠᠩᠭᠠᠵᠤ ᠠᠮᠢ ᠪᠠᠨ ᠠᠯᠳᠠᠨ᠎ᠠ᠃ ᠤᠰᠤ ᠪᠠᠶᠢᠮᠠᠨᠵᠢᠨ ᠰᠠᠶ᠋ᠢ ᠳᠡᠯᠡᠬᠡᠢ ᠡᠵᠢ ᠬᠥᠬᠡ ᠴᠡᠩᠬᠡᠷ ᠳᠠᠯᠠᠢ ᠲᠠᠩᠭᠢᠰ ᠲᠠᠢ᠂ ᠬᠥᠬᠡᠷᠡᠨ ᠳᠣᠯᠭᠢᠶᠠᠯᠠᠬᠤ ᠭᠤᠣᠯ ᠮᠥᠷᠡᠨ  ᠲᠠᠢ᠂ ᠨᠠᠮᠵᠢᠭᠤᠨ ᠲᠠᠶᠢᠪᠤᠩ ᠨᠠᠭᠤᠷ ᠪᠦᠷᠢᠳᠦ ᠲᠠᠢ ᠠᠵᠢ᠃ ᠤᠰᠤ ᠪᠠᠶᠢᠮᠠᠨᠵᠢᠨ ᠰᠠᠶ᠋ᠢ ᠬᠥᠮᠥᠨ ᠨᠡᠶᠢᠭᠡᠮ ᠠᠮᠢᠵᠢᠷᠠᠯ  ᠤᠨ ᠬᠦᠴᠦᠨ ᠢᠶᠠᠷ ᠪᠢᠯᠬᠠᠵᠤ᠂ ᠠᠶᠢᠯ ᠬᠤᠲᠠ ᠭᠡᠷᠡᠯ ᠭᠢᠯᠪᠠᠭ᠎ᠠ ᠪᠠᠨ ᠰᠠᠴᠤᠷᠠᠭᠤᠯᠤᠨ᠂ ᠠᠵᠤ ᠦᠢᠯᠡᠳᠪᠦᠷᠢ ᠥᠷᠨᠢᠭᠦᠨ ᠬᠥᠭᠵᠢᠵᠦ᠂ ᠲᠠᠷᠢᠶᠠᠯᠠᠩ ᠦᠢᠯᠡᠳᠪᠦᠷᠢᠯᠡᠯ ᠡᠯᠪᠡᠭ ᠬᠤᠷᠢᠶᠠᠯᠲᠠ ᠲᠠᠢ ᠪᠤᠯᠳᠠᠭ᠃ ᠭᠡᠪᠡᠴᠦ ᠤᠰᠤ ᠪᠣᠯ ᠠᠪᠤᠭᠠᠳ ᠪᠠᠷᠠᠰᠢ ᠦᠭᠡᠢ ᠬᠡᠷᠡᠭᠯᠡᠭᠡᠳ ᠳᠠᠭᠤᠰᠤᠰᠢ ᠦᠭᠡᠢ ᠡᠬᠢ ᠪᠠᠶᠠᠯᠢᠭ ᠪᠤᠰᠤ᠂ ᠣᠨ ᠴᠠᠭ ᠤᠨ ᠡᠷᠭᠢᠯᠲᠡ᠂ ᠴᠠᠭ ᠦᠶ᠎ᠡ ᠶᠢᠨ ᠲᠠᠪᠰᠢᠯᠳᠠ᠂ ᠠᠵᠤ ᠦᠢᠯᠡᠳᠪᠦᠷᠢ ᠶᠢᠨ ᠬᠥᠭᠵᠢᠯᠲᠡ᠂ ᠬᠥᠮᠥᠨ ᠠᠮᠠᠨ ᠤ ᠨᠢᠭᠲᠠᠷᠠᠯ ᠁ ᠵᠡᠷᠭᠡ ᠠᠴᠠ ᠤᠰᠤᠨ ᠤ ᠲᠦᠪᠰᠢᠨ ᠳᠣᠷᠣᠭᠰᠢᠯᠠᠵᠤ ᠪᠠᠶᠢᠭ᠎ᠠ ᠭᠡᠳᠡᠭ ᠢ ᠵᠠᠪᠠᠯ ᠲᠤᠩᠭᠠᠬᠤ ᠬᠡᠷᠡᠭᠲᠡᠢ᠃ᠤᠰᠤ ᠠᠷᠪᠢᠯᠠᠬᠤ ᠠᠵᠢᠯᠯᠠᠭ᠎ᠠ ᠪᠣᠯ ᠮᠠᠨ ᠤ ᠣᠷᠣᠨ ᠤ 2025 ᠣᠨ ᠤ ︽ᠵᠢᠷᠭᠤᠭᠠᠨ ᠠᠵᠢᠯᠯᠠᠭ᠎ᠠ︾ ᠶᠢᠨ ᠨᠢᠭᠡ᠃ ᠲᠠᠷᠢᠶᠠᠯᠠᠩ ᠦᠢᠯᠡᠳᠪᠦᠷᠢᠯᠡᠯ ᠪᠣᠯ ᠤᠰᠤ ᠠᠷᠪᠢᠯᠠᠬᠤ ᠭᠤᠣᠯ ᠳᠠᠶᠢᠯᠠᠯᠳᠤᠭᠠᠨ ᠤ ᠲᠠᠯᠠᠪᠤᠷ ᠪᠣᠯᠣᠨ᠎ᠠ᠂ ᠶᠡᠭᠡ ᠤᠰᠤ  ᠪᠠᠷ ᠨᠡᠯᠦᠶᠢᠲᠡᠯ᠎ᠡ ᠤᠰᠤᠯᠠᠬᠤ ᠶᠢ ᠲᠠᠶᠠᠭᠳᠠᠨ᠂ ᠳᠤᠰᠤᠯᠭᠠᠨ ᠤᠰᠤᠯᠠᠬᠤ ᠰᠡᠪᠡᠷᠡᠭᠦᠯᠦᠨ ᠤᠰᠤᠯᠠᠬᠤ ᠮᠡᠷᠭᠡᠵᠢᠯ ᠢ ᠶᠡᠭᠡ ᠪᠠᠷ ᠳᠡᠯᠭᠡᠷᠡᠭᠦᠯᠵᠦ᠂ ᠦᠷᠭᠦᠯᠵᠢᠯᠡᠬᠦ ᠬᠥᠭᠵᠢᠯᠲᠡ ᠳᠤ ᠬᠤᠷᠢᠭ᠎ᠠ ᠱᠤᠭᠤᠮ ᠤᠨ ᠪᠠᠷᠢᠮᠵᠢᠶ᠎ᠠ ᠶᠢ ᠰᠠᠬᠢᠬᠤ ᠴᠢᠬᠤᠯᠠᠲᠠᠢ︔ ᠠᠵᠤ ᠦᠢᠯᠡᠳᠪᠦᠷᠢ ᠶᠢᠨ ᠤᠰᠤ ᠠᠷᠪᠢᠯᠠᠵᠤ ᠪᠣᠬᠢᠷᠳᠤᠯ ᠢ ᠪᠠᠭᠠᠰᠬᠠᠬᠤ ᠮᠡᠷᠭᠡᠵᠢᠯ ᠤᠨ ᠰᠢᠨᠡᠴᠢᠯᠡᠯᠲᠡ ᠥᠭᠡᠷᠡᠴᠢᠯᠡᠯᠲᠡ ᠶᠢ ᠲᠦᠷᠭᠡᠳᠬᠡᠵᠦ᠂ ᠤᠰᠤ ᠠᠷᠪᠢᠯᠠᠬᠤ ᠲᠡᠷᠢᠭᠦᠨ ᠤ ᠠᠷᠭ᠎ᠠ ᠪᠠᠷᠢᠯ᠂ ᠮᠡᠷᠭᠡᠵᠢᠯ ᠪᠣᠯᠣᠨ ᠲᠣᠨᠤᠭ ᠲᠥᠬᠦᠭᠡᠷᠦᠮᠵᠢ ᠶᠢ ᠳᠡᠯᠭᠡᠷᠡᠭᠦᠯᠵᠦ᠂ ᠤᠰᠤᠨ ᠤ ᠡᠬᠢ ᠪᠠᠶᠠᠯᠢᠭ ᠢ ᠡᠷᠴᠢᠮᠯᠢᠭ ᠢᠶᠠᠷ ᠠᠰᠢᠭᠯᠠᠬᠤ ᠶᠢ ᠳᠠᠶᠢᠴᠢᠯᠠᠬᠤ ᠴᠢᠬᠤᠯᠠᠲᠠᠢ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠤᠰᠤ ᠠᠷᠪᠢᠯᠠᠬᠤ ᠤᠬᠠᠮᠰᠠᠷ ᠢ ᠳᠡᠭᠡᠭᠰᠢᠯᠡᠭᠦᠯᠵᠤ᠂ ᠳᠤᠰᠤᠯ ᠤᠰᠤ ᠶᠢ ᠡᠷᠬᠢᠮᠨᠡᠨ ᠨᠠᠨᠳᠢᠩᠨᠠᠬᠤ ᠠᠴᠠ ᠨᠢ ᠡᠬᠢᠯᠡᠵᠦ᠂ ᠣᠶᠤᠨᠲᠤ ᠬᠤᠲᠠ ᠪᠣᠯᠣᠨ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ ᠤᠰᠤ ᠶᠢ ᠪᠦᠷᠢᠯᠭᠡᠬᠦ ᠶᠢ ᠬᠤᠷᠢᠭᠯᠠᠬᠤ ᠬᠡᠷᠡᠭᠲᠡᠢ᠃      ︽2025 ᠣᠨ ᠳᠤ ᠪᠦᠭᠦ ᠣᠷᠣᠨ ᠳᠤ ᠤᠰᠤ ᠠᠷᠪᠢᠯᠠᠬᠤ ᠬᠡᠮᠵᠢᠶ᠎ᠡ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠪᠦᠲᠦᠮᠵᠢᠲᠡᠶ ᠠᠰᠢᠭᠯᠠᠯᠲᠠ ᠶᠢᠨ ᠢᠯᠡᠳᠬᠡᠮᠵᠢ ᠶᠢ 0.59 ᠳᠤ ᠬᠦᠷᠦᠭᠦᠯᠵᠦ᠂ ᠪᠦᠭᠦ ᠤᠯᠤᠰ ᠤᠨ ᠳᠤᠮᠳᠠ ᠳᠡᠭᠡᠳᠦ ᠲᠦᠪᠰᠢᠨ  ᠳᠤ ᠣᠷᠣᠭᠤᠯᠤᠨ᠎ᠠ︾ ᠭᠡᠰᠡᠨ ᠬᠠᠷᠠᠯᠲᠠ ᠲᠣᠭᠲᠠᠭᠠᠪᠠ᠃ ᠤᠰᠤ ᠠᠷᠪᠢᠯᠠᠬᠤ ᠳᠤ ᠵᠠᠬ᠎ᠠ ᠳᠡᠯᠭᠡᠭᠦᠷᠴᠢᠯᠡᠯᠲᠡ ᠶᠢᠨ ᠠᠷᠭ᠎ᠠ ᠪᠠᠷᠢᠯ ᠤᠨ ᠬᠦᠴᠦᠲᠦ ᠲᠤᠯᠭᠠᠭᠤᠷᠢ ᠠᠴᠠ ᠰᠠᠯᠵᠤ ᠴᠢᠳᠠᠬᠤ ᠦᠭᠡᠢ᠃ ᠲᠠᠷᠢᠶᠠᠯᠠᠩ ᠦᠢᠯᠡᠳᠪᠦᠷᠢᠯᠡᠯ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠵᠤ ᠦᠢᠯᠡᠳᠪᠦᠷᠢ  ᠶᠢᠨ ᠬᠡᠷᠡᠭᠯᠡᠬᠦ ᠤᠰᠤᠨ ᠤ ᠲᠥᠰᠥᠪ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠵᠦᠢ ᠶᠣᠰᠣᠨ ᠤ ᠤᠰᠤᠨ ᠤ ᠦᠨ᠎ᠡ ᠬᠠᠩᠰᠢ ᠶᠢᠨ ᠰᠢᠰᠲ᠋ᠧᠮ ᠢ ᠪᠦᠷᠢᠯᠳᠦᠭᠦᠯᠦᠨ᠂ ᠬᠤᠷᠢᠶᠠᠭᠰᠠᠨ ᠤᠰᠤᠨ ᠤ ᠰᠦᠢᠳᠬᠡᠯ ᠢᠶᠠᠷ ᠤᠰᠤ ᠠᠷᠪᠢᠯᠠᠬᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠳᠤᠰᠤᠯ ᠤᠰᠤ ᠶᠢ ᠠᠷᠪᠢᠯᠠᠨ ᠭᠠᠮᠨᠠᠵᠤ ᠳᠠᠯᠠᠢ ᠨᠡᠮᠡᠷᠢ ᠪᠤᠯᠭᠠᠬᠤ ᠪᠠᠷ ᠴᠢᠷᠮᠠᠶᠢᠬᠤ ᠨᠢ ᠵᠦᠢᠲᠡᠢ ᠶᠤᠮ᠃ᠤᠰᠤ ᠠᠷᠪᠢᠯᠠᠬᠤ ᠪᠣᠯ ᠬᠥᠮᠥᠨ ᠲᠥᠷᠥᠯᠬᠢᠲᠡᠨ ᠤ ᠣᠷᠣᠰᠢᠯ ᠲᠣᠭᠲᠠᠨᠢᠯ ᠤᠨ ᠲᠤᠯᠭᠠᠮ ᠠᠰᠠᠭᠤᠳᠠᠯ ᠪᠣᠯᠣᠨ᠎ᠠ᠃ ᠠᠷᠪᠢᠯᠠᠬᠤ ᠭᠡᠳᠡᠭ ᠨᠢ ᠳᠠᠷᠤᠢ ᠨᠡᠮᠡᠭᠳᠡᠭᠦᠯᠵᠦ ᠬᠥᠭᠵᠢᠭᠦᠯᠬᠦ ᠶᠠᠪᠤᠳᠠᠯ ᠪᠤᠯᠠᠢ᠃ ᠤᠰᠤ ᠠᠷᠪᠢᠯᠠᠬᠤ ᠠᠵᠢᠯᠯᠠᠭ᠎ᠠ ᠨᠢ ᠤᠷᠢᠶ᠎ᠠ ᠲᠡᠳᠦᠢ ᠪᠢᠰᠢ᠂ ᠬᠠᠷᠢᠨ ᠪᠣᠳᠠᠲᠠᠢ ᠠᠵᠢᠯᠯᠠᠭ᠎ᠠ ᠳᠡᠭᠡᠷ᠎ᠡ ᠪᠠᠨ ᠲᠤᠭᠤᠰᠢᠲᠠᠢ ᠨᠠᠶᠢᠳᠠᠪᠤᠷᠢᠵᠢᠭᠤᠯᠬᠤ ᠨᠢ ᠵᠠᠩᠭᠢᠯᠠᠭ᠎ᠠ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠬᠢ ᠪᠠᠶᠠᠯᠢᠭ ᠢ ᠡᠷᠴᠢᠮᠵᠢᠭᠦᠯᠦᠨ ᠠᠷᠪᠢᠯᠠᠬᠤ ᠬᠥᠲᠥᠯᠪᠦᠷᠢ ᠶᠢᠨ ᠴᠢᠨᠠᠷᠲᠠᠢ ᠳᠦᠷᠢᠮ ᠢ ᠲᠣᠭᠲᠠᠭᠠᠬᠤ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠬᠠᠮᠢᠶᠠᠷᠤᠯᠲᠠ ᠶᠢ ᠴᠢᠩᠭᠠᠳᠬᠠᠬᠤ ᠤᠰᠤ ᠠᠷᠪᠢᠯᠠᠬᠤ ᠬᠠᠮᠲᠤᠷᠠᠯ ᠬᠦᠴᠦᠨ ᠢ ᠪᠦᠷᠢᠯᠳᠦᠭᠦᠯᠵᠦ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠬᠦ ᠬᠥᠭᠵᠢᠯᠲᠡ ᠳᠤ ᠬᠦᠴᠦᠨ ᠨᠡᠮᠡᠷᠢᠯᠡᠶ᠎ᠡ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号