| | | | ︽ᠨᠠᠰᠤᠲᠠᠨ ᠨᠢᠯᠬᠠᠰ︾ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠬᠦ ᠭᠡᠷᠡᠭᠲᠡᠶ; ᠪᠦᠭᠦ | ᠪᠥᠮᠪᠥᠷᠴᠡᠭ ᠤᠨ ᠬᠢᠵᠢᠭ ᠤᠨ ᠪᠠᠶᠢᠳᠠᠯ ᠤᠨ ᠬᠠᠨᠳᠤᠰᠢ ᠶᠢ ᠨᠢᠭᠲᠠ ᠠᠩᠬᠠᠷᠴᠤ᠂ ᠠᠶᠤᠯ ᠲᠦᠭᠰᠢᠭᠦᠷᠢ ᠶᠢ ᠦᠨᠡᠯᠡᠨ | ᠵᠢᠱᠢᠬᠦ ᠪᠠ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠠᠵᠢᠯ ᠢ ᠥᠷᠨᠢᠭᠦᠯᠬᠦ ᠭᠡᠷᠡᠭᠲᠡᠢ; ᠡᠯ᠎ᠡ ᠭᠠᠵᠠᠷ ᠤᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠠᠯᠠᠪᠤᠷ ᠦᠷᠳᠡᠭᠡ ᠶᠢ ᠴᠡᠪᠡᠷᠯᠡᠨ ᠠᠷᠢᠭᠤᠳᠬᠠᠬᠤ᠂ ᠰᠠᠯᠬᠢ ᠨᠡᠪᠲᠡᠷᠡᠭᠦᠯᠦᠨ ᠠᠭᠠᠷ | ᠰᠣᠯᠢᠬᠤ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ ᠁ 16 ᠤ ᠡᠳᠦᠷ᠂ ᠲᠦᠷᠦ ᠶᠢᠨ ᠶᠠᠪᠤᠳᠠᠯ ᠤᠨ ᠬᠤᠷᠢᠶ᠎ᠠ | ᠶᠢᠨ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠳᠤᠭᠤᠶᠢᠯᠠᠩ ᠤᠨ ᠬᠢᠨ ᠮᠡᠳᠡᠭᠳᠡᠯ ᠨᠡᠶᠢᠲᠡᠯᠡᠵᠦ᠂ 2025 ᠣᠨ ᠤ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ | ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠵᠡᠷᠭᠡ ᠭᠤᠣᠯᠳᠠᠯᠭ᠎ᠠ ᠲᠠᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ | ᠵᠠᠰᠠᠬᠤ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃ | | | | | ᠮᠡᠳᠡᠭᠳᠡᠯ ᠳᠤ᠂ ᠣᠳᠣᠬᠠᠨ ᠳᠤ ᠮᠠᠨ ᠤ ᠤᠯᠤᠰ ᠶᠠᠭ ᠲᠦᠷᠭᠡᠨ ᠴᠢᠨᠠᠷᠲᠠᠢ ᠠᠮᠢᠰᠬᠤᠯ ᠤᠨ ᠵᠠᠮ ᠤᠨ | ᠬᠠᠯᠳᠠᠪᠤᠷᠢᠲᠤ ᠡᠪᠡᠳᠴᠢᠨ ᠤ ᠡᠪᠦᠯ ᠬᠠᠪᠤᠷ ᠤᠨ ᠳᠡᠯᠭᠡᠷᠡᠬᠦ ᠤᠯᠠᠷᠢᠯ ᠳᠤ ᠣᠷᠣᠰᠢᠵᠤ ᠪᠠᠶᠢᠨ᠎ᠠ᠂ ᠭᠡᠪᠡᠴᠦ ᠶᠡᠷᠦᠩᠬᠡᠢ | ᠳᠡᠯᠭᠡᠷᠡᠬᠦ ᠬᠦᠴᠦᠯᠡᠴᠡ ᠨᠢ ᠲᠦᠷᠦᠭᠦᠦ ᠨᠢᠭᠡ ᠡᠪᠦᠯ ᠬᠠᠪᠤᠷ ᠤᠨ ᠳᠡᠯᠭᠡᠷᠡᠬᠦ ᠤᠯᠠᠷᠢᠯ ᠤᠨ ᠲᠦᠪᠰᠢᠨ ᠠᠴᠠ ᠳᠣᠣᠷ᠎ᠠ | ᠪᠠᠶᠢᠨ᠎ᠠ᠃ ᠬᠠᠯᠳᠠᠪᠤᠷᠢᠲᠤ ᠲᠠᠭᠰᠢᠭᠤᠷ ᠳᠡᠯᠭᠡᠷᠡᠬᠦ ᠣᠷᠭᠢᠯ ᠤᠨ ᠬᠤᠭᠤᠴᠠᠭᠠᠨ ᠳᠤ ᠣᠷᠣᠵᠤ᠂ ᠣᠬᠤᠷᠬᠠᠨ | ᠬᠤᠭᠤᠴᠠᠭᠠᠨ ᠳᠤ ᠮᠥᠨ ᠯᠡ ᠨᠡᠯᠢᠶᠡᠳ ᠥᠨᠳᠥᠷ ᠲᠦᠪᠰᠢᠨ ᠳᠤ ᠣᠷᠣᠰᠢᠬᠤ ᠪᠤᠯᠤᠨ᠎ᠠ; ᠰᠢᠨ᠎ᠡ ᠲᠢᠲᠢᠮᠯᠢᠭ | ᠸᠢᠷᠦ᠋ᠰ᠂ ᠠᠭᠤᠰᠬᠢᠨ ᠦᠷᠪᠢᠰᠦᠯ ᠤᠨ ᠰᠠᠯᠠᠭᠠᠲᠤ ᠪᠡᠶ᠎ᠡ᠂ ᠠᠮᠢᠰᠬᠤᠯ ᠤᠨ ᠵᠠᠮ ᠤᠨ ᠨᠡᠶᠢᠯᠡᠮᠡᠯ ᠡᠰ ᠤᠨ ᠸᠢᠷᠦ᠋ᠰ | ᠵᠡᠷᠭᠡ ᠪᠤᠰᠤᠳ ᠠᠮᠢᠰᠬᠤᠯ ᠤᠨ ᠵᠠᠮ ᠤᠨ ᠡᠪᠡᠳᠴᠢᠨ ᠡᠭᠦᠰᠬᠡᠭᠴᠢ ᠠᠴᠠ ᠪᠣᠯᠤᠭᠰᠠᠨ ᠡᠪᠡᠳᠴᠢᠨ ᠡᠮᠭᠡᠭ ᠳᠣᠣᠷ᠎ᠠ | ᠤᠷᠤᠰᠬᠠᠯ ᠤᠨ ᠲᠦᠪᠰᠢᠨ ᠳᠤ ᠣᠷᠣᠰᠢᠵᠤ ᠪᠠᠶᠢᠪᠠᠴᠤ ᠠᠳᠠᠯᠢ ᠪᠤᠰᠤ ᠭᠠᠵᠠᠷ ᠣᠷᠣᠨ ᠪᠠ ᠣᠨᠴᠠ ᠲᠣᠭᠲᠠᠭᠰᠠᠨ | ᠬᠥᠮᠥᠰ ᠤᠨ ᠳᠤᠮᠳᠠ ᠮᠥᠨ ᠬᠦ ᠵᠣᠬᠢᠬᠤ ᠬᠡᠮᠵᠢᠶ᠎ᠡ ᠪᠠᠷ ᠳᠡᠯᠭᠡᠷᠡᠵᠦ᠂ ᠵᠢᠱᠢᠯᠲᠡ ᠪᠠᠷ ᠣᠯᠠᠨ ᠵᠦᠢᠯ ᠤᠨ ᠲᠦᠷᠭᠡᠨ | ᠴᠢᠨᠠᠷᠲᠠᠢ ᠠᠮᠢᠰᠬᠤᠯ ᠤᠨ ᠵᠠᠮ ᠤᠨ ᠬᠠᠯᠳᠠᠪᠤᠷᠢᠲᠤ ᠡᠪᠡᠳᠴᠢᠨ ᠰᠣᠯᠪᠢᠴᠠᠬᠤ ᠪᠤᠶᠤ ᠬᠠᠮᠲᠤ ᠪᠠᠷ ᠳᠡᠯᠭᠡᠷᠡᠬᠦ | ᠬᠠᠨᠳᠤᠰᠢ ᠪᠠᠰᠠ ᠬᠡᠰᠡᠭ ᠬᠤᠭᠤᠴᠠᠭ᠎ᠠ ᠦᠷᠭᠦᠯᠵᠢᠯᠡᠬᠦ ᠪᠣᠯᠣᠨ᠎ᠠ ᠭᠡᠵᠦ ᠵᠢᠭᠠᠵᠤ ᠭᠠᠷᠭᠠᠪᠠ᠃ | | | | | ᠮᠡᠳᠡᠭᠳᠡᠯ ᠳᠤ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ | ᠠᠵᠢᠯ ᠢ ᠰᠠᠶᠢᠲᠤᠷ ᠬᠢᠬᠦ ᠲᠤᠬᠠᠢ ᠪᠣᠳᠠᠲᠠᠢ ᠱᠠᠭᠠᠷᠳᠠᠯᠭ᠎ᠠ ᠳᠤᠷᠠᠳᠴᠤ᠂ ᠡᠭᠦᠨ ᠳᠤ ᠰᠠᠯᠠᠭ᠎ᠠ ᠮᠥᠴᠢᠷ ᠤᠨ | ᠬᠠᠮᠵᠢᠯᠴᠠᠨ ᠬᠥᠳᠡᠯᠦᠯᠴᠡᠬᠦ ᠪᠠ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠬᠤ᠂ | ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠬᠤ᠂ | ᠰᠠᠯᠠᠭ᠎ᠠ ᠮᠥᠴᠢᠷ ᠤᠨ ᠵᠥᠪᠳᠡᠯᠴᠡᠬᠦ ᠪᠠ ᠬᠠᠮᠵᠢᠯᠴᠠᠬᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ᠂ ᠮᠡᠳᠡᠭᠡ | ᠵᠠᠩᠭᠢ ᠶᠢ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠡᠳ᠋ᠯᠡᠬᠦ ᠶᠢ ᠴᠢᠩᠭᠠᠳᠬᠠᠨ᠎ᠠ; ᠬᠢᠵᠢᠭ ᠤᠨ ᠪᠠᠶᠢᠳᠠᠯ ᠢ ᠬᠢᠨᠠᠨ | ᠬᠡᠮᠵᠢᠵᠦ ᠤᠷᠢᠳᠴᠢᠯᠠᠨ ᠰᠡᠷᠡᠮᠵᠢᠯᠡᠭᠦᠯᠭᠦ ᠪᠠ ᠵᠠᠳᠠᠯᠤᠯᠲᠠ ᠬᠢᠵᠦ ᠰᠤᠳᠤᠯᠤᠨ ᠮᠠᠭᠠᠳᠯᠠᠬᠤ ᠠᠵᠢᠯ ᠢ ᠴᠢᠩᠭᠠᠳᠬᠠᠵᠤ᠂ | ᠪᠦᠭᠦ ᠪᠥᠮᠪᠥᠷᠴᠡᠭ ᠤᠨ ᠬᠢᠵᠢᠭ ᠤᠨ ᠪᠠᠶᠢᠳᠠᠯ ᠤᠨ ᠬᠠᠨᠳᠤᠰᠢ ᠶᠢ ᠨᠢᠭᠲᠠ ᠠᠩᠬᠠᠷᠴᠤ᠂ ᠬᠡᠪ ᠤᠨ ᠪᠤᠰᠤ ᠪᠠᠶᠢᠳᠠᠯ ᠢ | ᠣᠯᠵᠤ ᠮᠡᠳᠡᠪᠡᠯ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠭᠦ ᠪᠠ ᠠᠷᠭᠠᠴᠠᠭᠠᠨ᠎ᠠ; ᠭᠤᠣᠯᠳᠠᠯᠭ᠎ᠠ ᠲᠠᠢ | ᠪᠠᠶᠢᠭᠤᠯᠤᠮᠵᠢ ᠪᠠ ᠭᠤᠣᠯᠳᠠᠯᠭ᠎ᠠ ᠲᠠᠢ ᠬᠥᠮᠥᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠨᠠᠰᠤᠲᠠᠶᠢᠴᠤᠳ᠂ ᠬᠡᠦᠬᠡᠳ ᠤᠨ ᠡᠳᠦᠷ ᠲᠤᠲᠤᠮ ᠤᠨ ᠰᠡᠷᠭᠡᠶᠢᠯᠡᠨ ᠬᠠᠮᠠᠭᠠᠯᠠᠬᠤ ᠵᠢᠯᠣᠭᠤᠳᠤᠯᠭ᠎ᠠ ᠪᠠ | ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠭᠢᠨ᠎ᠠ; ᠠᠶᠠᠨ ᠵᠠᠮ ᠪᠠ ᠵᠢᠭᠤᠯᠴᠢᠯᠠᠯ ᠤᠨ ᠠᠵᠢᠯᠯᠠᠭ᠎ᠠ ᠶᠢᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠤᠨᠤᠭ ᠪᠠᠭᠤᠳᠠᠯ᠂ ᠢᠳᠡᠭᠡᠨ ᠤᠮᠳᠠᠭᠠᠨ ᠤ | ᠦᠢᠯᠡᠴᠢᠯᠡᠭᠡᠨ ᠤ ᠨᠢᠭᠡᠴᠢ ᠶᠢᠨ ᠢᠳᠡᠭᠡᠨ ᠤ ᠡᠷᠡᠭᠦᠯ ᠬᠠᠮᠠᠭᠠᠯᠠᠯ ᠪᠠ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠠ; ᠡᠮᠴᠢᠯᠡᠭᠡᠨ ᠤ ᠠᠪᠤᠷᠠᠨ ᠵᠠᠰᠠᠬᠤ ᠪᠠᠲᠤᠯᠠᠭ᠎ᠠ ᠪᠠ ᠭᠡᠨᠡᠳᠲᠡ ᠶᠢᠨ ᠬᠡᠷᠡᠭ ᠢ ᠠᠷᠭᠠᠴᠠᠭᠠᠨ | ᠰᠢᠢᠳᠪᠦᠷᠢᠯᠡᠬᠦ ᠶᠢ ᠴᠢᠩᠭᠠᠳᠬᠠᠵᠤ᠂ ᠬᠡᠦᠬᠡᠳ ᠤᠨ ᠰᠠᠯᠠᠭ᠎ᠠ᠂ ᠠᠮᠢᠰᠬᠤᠯ ᠤᠨ ᠰᠠᠯᠠᠭ᠎ᠠ᠂ ᠬᠠᠯᠠᠭᠤᠷᠠᠬᠤ ᠡᠪᠡᠳᠴᠢᠨ ᠤ | ᠡᠭᠦᠳᠡᠨ ᠡᠮᠨᠡᠯᠭᠡ᠂ ᠲᠦᠷᠭᠡᠨ ᠡᠮᠨᠡᠬᠦ ᠲᠦᠷᠭᠡᠨ ᠠᠪᠤᠷᠠᠬᠤ ᠵᠡᠷᠭᠡ ᠠᠪᠤᠷᠠᠨ ᠵᠠᠰᠠᠬᠤ ᠬᠦᠴᠦᠨ ᠪᠠ ᠡᠬᠢ ᠪᠠᠶᠠᠯᠢᠭ ᠤᠨ | ᠪᠡᠯᠡᠳᠬᠡᠯ ᠢ ᠴᠢᠩᠭᠠᠳᠬᠠᠨ᠎ᠠ; ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠪᠠ | ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠴᠢᠩᠭᠠᠳᠬᠠᠬᠤ ᠵᠡᠷᠭᠡ ᠪᠠᠭᠲᠠᠨ᠎ᠠ᠃ | | | | | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 16 ᠤ ᠴᠠᠭᠢᠯᠭᠠᠨ ᠮᠡᠳᠡᠭᠡ︶ | | |