| | | | ᠭᠦᠭᠡᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠭᠦᠭᠡᠬᠤᠲᠠ | ᠨᠢᠳᠤᠨᠤᠨ ᠤ 12 ᠰᠠᠷ᠎ᠠ ᠶᠢᠨ 23 ᠤ ᠡᠳᠦᠷ ᠠᠴᠠ ᠭᠤᠣᠯᠳᠠᠯᠭ᠎ᠠ ᠲᠠᠢ ᠭᠤᠣᠯ ᠮᠥᠷᠡᠨ ᠤ ︽ᠳᠤᠷ᠎ᠠ ᠪᠠᠷ ᠡᠵᠡᠯᠡᠬᠦ᠂ | ᠳᠤᠷ᠎ᠠ ᠪᠠᠷ ᠮᠠᠯᠲᠠᠬᠤ᠂ ᠳᠤᠷ᠎ᠠ ᠪᠠᠷ ᠣᠪᠣᠭᠠᠯᠠᠬᠤ᠂ ᠳᠤᠷ᠎ᠠ ᠪᠠᠷ ᠪᠠᠶᠢᠭᠤᠯᠬᠤ︾ ᠶᠢ ᠡᠷᠭᠢᠨ ᠬᠠᠷᠠᠬᠤ ᠵᠢᠴᠢ ᠭᠤᠣᠯ | ᠤᠨ ᠭᠤᠯᠳᠤᠷᠢᠯ ᠢ ᠴᠡᠪᠡᠷᠯᠡᠬᠦ ᠠᠵᠢᠯᠯᠠᠭ᠎ᠠ ᠶᠢ ᠪᠦᠭᠦ ᠲᠠᠯ᠎ᠠ ᠪᠠᠷ ᠡᠬᠢᠯᠡᠭᠦᠯᠪᠡ᠃ | ᠣᠶᠢᠯᠠᠭᠠᠭᠰᠠᠨ ᠢᠶᠠᠷ᠂ ᠭᠦᠭᠡᠬᠤᠲᠠ 2025 ᠣᠨ ᠤ 1 ᠰᠠᠷ᠎ᠠ ᠶᠢᠨ 25 ᠤ ᠡᠳᠦᠷ ᠠᠴᠠ ᠡᠮᠦᠨ᠎ᠡ ᠭᠤᠣᠯ ᠤᠨ | ᠭᠤᠯᠳᠤᠷᠢᠯ ᠤᠨ ᠳᠣᠲᠣᠷᠠᠬᠢ ᠵᠠᠯᠭᠠᠯᠳᠤᠭᠰᠠᠨ ᠮᠣᠳᠣ᠂ ᠥᠨᠳᠥᠷ ᠡᠰᠢᠲᠦ ᠲᠠᠷᠢᠮᠠᠯ᠂ ᠬᠠᠰᠢᠯᠭ᠎ᠠ ᠳᠠᠯᠠᠩ᠂ ᠨᠦᠬᠡ᠂ | ᠤᠰᠤ ᠬᠤᠷᠢᠭᠯᠠᠬᠤ ᠵᠠᠮ᠂ ᠬᠥᠭᠦᠷᠭᠡ ᠵᠢᠴᠢ ᠵᠢᠭᠠᠰᠤᠨ ᠴᠥᠭᠦᠷᠥᠮ᠂ ᠲᠡᠵᠢᠭᠡᠨ ᠦᠷᠡᠵᠢᠭᠦᠯᠬᠦ ᠲᠠᠯᠠᠪᠠᠶ᠂ ᠲᠣᠮᠣ ᠫᠧᠩ | ᠵᠡᠷᠭᠡ ᠶᠢᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠪᠡᠶᠡᠯᠡᠭᠦᠯᠬᠦ ᠪᠠᠷ ᠴᠢᠷᠮᠠᠶᠢᠨ᠎ᠠ᠃ 2025 | ᠣᠨ ᠤ ᠵᠢᠯ ᠤᠨ ᠰᠡᠭᠦᠯᠴᠢ ᠠᠴᠠ ᠡᠮᠦᠨ᠎ᠡ ᠬᠠᠲᠤᠨ ᠭᠤᠣᠯ ᠤᠨ ᠲᠠᠩ ᠤᠨ ᠣᠷᠣᠨ ᠤ ᠳᠣᠲᠣᠷ᠎ᠠ ᠥᠨᠳᠥᠷ ᠡᠰᠢᠲᠦ | ᠲᠠᠷᠢᠮᠠᠯ ᠳᠠᠷᠢᠬᠤ ᠶᠢ ᠴᠠᠭᠠᠵᠠᠯᠠᠬᠤ᠂ ᠶᠡᠭᠡ ᠲᠦᠷᠭᠡᠨ ᠭᠤᠣᠯ᠂ ᠾᠦᠨ ᠾᠧ ᠭᠤᠣᠯ ᠤᠨ ᠭᠤᠣᠯ ᠪᠤᠯᠬᠤ ᠬᠤᠩᠭᠢᠯ | ᠤᠨ ᠣᠷᠣᠨ ᠳᠤ ᠲᠠᠷᠢᠶ᠎ᠠ ᠳᠠᠷᠢᠬᠤ ᠶᠢ ᠴᠠᠭᠠᠵᠠᠯᠠᠬᠤ ᠵᠢᠴᠢ ᠡᠪᠡᠰᠦ ᠮᠣᠳᠣ ᠶᠢ ᠴᠡᠪᠡᠷᠯᠡᠬᠦ ᠠᠵᠢᠯ ᠢ ᠪᠦᠭᠦ ᠲᠠᠯ᠎ᠠ ᠪᠠᠷ | ᠪᠡᠶᠡᠯᠡᠭᠦᠯᠵᠦ᠂ ᠭᠤᠣᠯ ᠤᠨ ᠭᠤᠯᠳᠤᠷᠢᠯ ᠤᠨ ᠦᠶᠡᠷ ᠢ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠨ᠎ᠠ᠃ | | | | | ᠭᠦᠭᠡᠬᠤᠲᠠ ᠶᠢᠨ ᠬᠠᠮᠢᠶ᠎ᠠ ᠪᠦᠬᠦᠢ ᠬᠤᠰᠢᠭᠤ ᠰᠢᠶᠠᠨ ᠲᠣᠭᠤᠷᠢᠭ ᠤᠨ ᠬᠢᠨ ᠳᠥᠭᠦᠮ ᠳᠥᠲᠡ ᠬᠡᠷᠡᠭᠯᠡᠬᠦ ᠳᠤ | ᠠᠮᠠᠷ ᠱᠣᠰᠢᠭ᠎ᠠ ᠲᠡᠮᠳᠡᠭ ᠢ ᠠᠰᠢᠭᠯᠠᠨ᠂ ᠲᠠᠷᠢᠬᠤ ᠶᠢ ᠴᠠᠭᠠᠵᠠᠯᠠᠬᠤ ᠱᠤᠭᠤᠮ ᠢ ᠪᠣᠳᠠᠲᠠᠢ ᠭᠠᠵᠠᠷ ᠲᠤᠨᠢ ᠵᠢᠷᠤᠨ | ᠨᠠᠶᠢᠳᠠᠪᠤᠷᠢᠵᠢᠭᠤᠯᠵᠤ᠂ ᠲᠠᠷᠢᠶᠠᠯᠠᠬᠤ ᠡᠷᠦᠭᠡ ᠶᠢᠨ ᠢᠯᠭᠠᠨ ᠲᠠᠨᠢᠬᠤ ᠳᠤ ᠲᠥᠭᠦᠮ ᠪᠤᠯᠭᠠᠨ᠎ᠠ; ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠨᠡᠷ᠎ᠡ ᠪᠠᠷ ᠭᠤᠣᠯ ᠤᠨ ᠲᠠᠩ ᠪᠠ ᠬᠤᠩᠭᠢᠯ ᠤᠨ ᠣᠷᠣᠨ ᠳᠤ | ᠲᠠᠷᠢᠶ᠎ᠠ ᠲᠠᠷᠢᠬᠤ ᠶᠢ ᠴᠠᠭᠠᠵᠠᠯᠠᠬᠤ ᠵᠠᠷᠯᠢᠭ ᠨᠡᠶᠢᠲᠡᠯᠡᠵᠦ᠂ ᠲᠠᠷᠢᠶ᠎ᠠ ᠲᠠᠷᠢᠬᠤ ᠶᠢ ᠴᠠᠭᠠᠵᠠᠯᠠᠬᠤ ᠬᠠᠮᠢᠶᠠᠷᠤᠯᠲᠠ ᠶᠢᠨ | ᠬᠡᠪᠴᠢᠶ᠎ᠡ ᠵᠢᠴᠢ ᠰᠠᠭᠤᠷᠢ ᠲᠤᠭ᠎ᠠ ᠶᠢ ᠲᠣᠳᠣᠷᠬᠠᠶᠢᠯᠠᠨ᠂ ᠡᠯ᠎ᠡ ᠵᠦᠢᠯ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ | ᠶᠢ ᠨᠠᠷᠢᠯᠢᠭ ᠪᠣᠳᠠᠲᠠᠢ ᠨᠠᠶᠢᠳᠠᠪᠤᠷᠢᠵᠢᠭᠤᠯᠵᠤ᠂ ᠳᠠᠷᠢᠬᠤ ᠶᠢ ᠴᠠᠭᠠᠵᠠᠯᠠᠬᠤ ᠬᠡᠷᠡᠭᠵᠢᠭᠦᠯᠬᠦ ᠲᠥᠰᠥᠯ ᠢ ᠲᠥᠷᠥᠯ | ᠬᠤᠪᠢᠶᠠᠨ ᠲᠣᠬᠲᠠᠭᠠᠨ᠎ᠠ; ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠬᠢᠨᠠᠯᠲᠠ ᠬᠠᠮᠢᠶᠠᠷᠤᠯᠲᠠ ᠶᠢᠨ | ᠡᠷᠴᠢᠮ ᠢᠶᠠᠨ ᠴᠢᠩᠭᠠᠷᠠᠭᠤᠯᠤᠨ᠂ ᠲᠣᠭᠲᠠᠭᠠᠯ ᠠᠴᠠ ᠵᠥᠷᠢᠴᠡᠨ ᠲᠠᠷᠢᠶ᠎ᠠ ᠳᠠᠷᠢᠬᠤ ᠦᠶᠯᠡ ᠠᠵᠢᠯᠯᠠᠭ᠎ᠠ ᠶᠢ ᠴᠠᠭ | ᠲᠤᠬᠠᠢ ᠳᠤᠨᠢ ᠵᠠᠯᠠᠷᠠᠭᠤᠯᠵᠤ᠂ ᠭᠤᠣᠯ ᠤᠨ ᠲᠠᠩ ᠪᠠ ᠬᠤᠩᠭᠢᠯ ᠤᠨ ᠣᠷᠣᠨ ᠳᠤ ᠲᠣᠭᠲᠠᠭᠠᠯ ᠠᠴᠠ ᠵᠥᠷᠢᠴᠡᠨ | ᠲᠠᠷᠢᠶ᠎ᠠ ᠳᠠᠷᠢᠬᠤ ᠪᠠᠶᠢᠳᠠᠯ ᠭᠠᠷᠬᠤ ᠦᠭᠡᠢ ᠪᠠᠶᠢᠬᠤ ᠶᠢ ᠦᠨᠡᠨ ᠬᠦ ᠪᠠᠲᠤᠯᠠᠬᠤ ᠪᠠᠷ ᠪᠤᠢ᠃ | |