| | | | ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ | 2025 ᠣᠨ ᠤ ᠴᠠᠭᠠᠨ ᠰᠠᠷ᠎ᠠ ᠶᠢᠨ ᠵᠥᠭᠡᠭᠡᠪᠦᠷᠢ 1 ᠰᠠᠷ᠎ᠠ ᠶᠢᠨ 14 ᠤ ᠡᠳᠦᠷ ᠡᠬᠢᠯᠡᠵᠦ᠂ 2 ᠰᠠᠷ᠎ᠠ ᠶᠢᠨ 22 | ᠤᠨ ᠡᠳᠦᠷ ᠪᠤᠯᠲᠠᠯ᠎ᠠ ᠨᠡᠶᠢᠲᠡ 40 ᠡᠳᠦᠷ ᠦᠷᠭᠦᠯᠵᠢᠯᠡᠨ᠎ᠡ᠃ ᠵᠢᠱᠢᠯᠲᠡ ᠪᠠᠷ ᠴᠠᠭᠠᠨ ᠰᠠᠷ᠎ᠠ ᠶᠢᠨ ᠵᠥᠭᠡᠭᠡᠪᠦᠷᠢ ᠶᠢᠨ | ᠬᠤᠭᠤᠴᠠᠭᠠᠨ ᠳᠤ ᠥᠪᠥᠷ ᠮᠣᠩᠭᠤᠯ ᠤᠨ ᠠᠶᠠᠨᠴᠢᠨ ᠤ ᠬᠡᠮᠵᠢᠶ᠎ᠡ 1.36 ᠳ᠋ᠦᠩᠰᠢᠭᠤᠷ ᠬᠥᠮᠥᠨ ᠤᠳᠠᠭ᠎ᠠ ᠳᠤ | ᠬᠦᠷᠴᠦ᠂ 2024 ᠣᠨ ᠤ ᠠᠳᠠᠯᠢ ᠬᠤᠭᠤᠴᠠᠭᠠᠨ ᠤ ᠬᠢ ᠠᠴᠠ 10.6% ᠪᠠᠷ ᠨᠡᠮᠡᠭᠳᠡᠨ᠎ᠡ᠃ ᠡᠭᠦᠨ ᠳᠤ | ᠡᠵᠡᠩᠨᠡᠯᠲᠡ ᠶᠢᠨ ᠴᠢᠨᠠᠷᠲᠠᠢ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠪᠠᠷᠤᠭ 1145 ᠲᠦᠮᠡᠨ ᠬᠥᠮᠥᠨ | ᠤᠳᠠᠭ᠎ᠠ ᠳᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 2.01% ᠪᠠᠷ ᠨᠡᠮᠡᠭᠳᠡᠵᠦ᠂ ᠲᠡᠮᠦᠷ ᠵᠠᠮ᠂ | ᠵᠠᠰᠠᠮᠠᠯ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠠᠶᠠᠨᠴᠢᠳ ᠤᠨ ᠵᠥᠭᠡᠭᠡᠪᠦᠷᠢ ᠶᠢᠨ ᠬᠡᠮᠵᠢᠶ᠎ᠡ ᠵᠢᠱᠢᠯᠲᠡ | ᠪᠠᠷ ᠲᠣᠰ ᠲᠣᠰ 670 ᠲᠦᠮᠡ᠂ 170 ᠲᠦᠮᠡ ᠪᠣᠯᠣᠨ 305 ᠲᠦᠮᠡᠨ ᠬᠥᠮᠥᠨ ᠤᠳᠠᠭ᠎ᠠ ᠳᠤ ᠬᠦᠷᠬᠦ ᠪᠣᠯᠣᠨ᠎ᠠ᠃ | | | | | | 2025 ᠣᠨ ᠤ ᠴᠠᠭᠠᠨ ᠰᠠᠷ᠎ᠠ ᠶᠢᠨ ᠵᠥᠭᠡᠭᠡᠪᠦᠷᠢ ᠶᠢᠨ ᠡᠯ᠎ᠡ ᠵᠦᠢᠯ ᠤᠨ ᠠᠵᠢᠯ ᠢ ᠰᠠᠶᠢᠲᠤᠷ ᠬᠢᠬᠦ ᠶᠢᠨ | ᠲᠥᠯᠥᠭᠡ᠂ ᠮᠠᠨ ᠤ ᠣᠷᠣᠨ︽ᠠᠮᠤᠷ ᠲᠦᠪᠰᠢᠨ᠂ ᠳᠥᠭᠦᠮ ᠳᠥᠲᠡ᠂ ᠬᠠᠯᠠᠭᠤᠨ ᠳᠤᠯᠠᠭᠠᠨ︾ᠬᠠᠷᠠᠯᠲᠠ ᠶᠢᠨ | ᠱᠠᠭᠠᠷᠳᠠᠯᠭ᠎ᠠ ᠶᠢᠨ ᠲᠣᠭᠤᠷᠢᠨ ᠳᠤ ᠨᠢᠭᠡᠳᠦᠯᠲᠡᠢ ᠲᠥᠯᠥᠪᠵᠢᠭᠦᠯᠬᠦ ᠦᠢᠯᠡᠳᠦᠯ ᠢᠶᠠᠨ ᠪᠠᠳᠠᠷᠠᠭᠤᠯᠤᠨ ᠵᠠᠰᠠᠮᠠᠯ ᠵᠠᠮ᠂ | ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠵᠥᠭᠡᠭᠡᠪᠦᠷᠢ ᠶᠢᠨ ᠬᠦᠴᠦᠨ ᠤ ᠪᠠᠲᠤᠯᠠᠭ᠎ᠠ ᠶᠢ ᠵᠦᠢ | ᠵᠣᠬᠢᠰᠲᠠᠢ ᠲᠣᠬᠢᠷᠠᠭᠤᠯᠬᠤ ᠶᠢ ᠠᠬᠢᠭᠤᠯᠵᠤ᠂ ᠳᠣᠲᠣᠭᠠᠳᠤ ᠶᠢ ᠬᠠᠮᠠᠭᠠᠯᠠᠬᠤ ᠪᠠ ᠵᠠᠮ ᠬᠠᠷᠢᠯᠴᠠᠭᠠᠨ ᠤ ᠰᠠᠯᠠᠭ᠎ᠠ | ᠮᠥᠴᠢᠷ ᠬᠠᠮᠲᠤᠷᠠᠨ ᠬᠥᠳᠡᠯᠦᠯᠴᠡᠬᠦ ᠪᠠᠨ ᠴᠢᠩᠭᠠᠳᠬᠠᠨ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ ᠪᠠ | ᠪᠠᠲᠤᠯᠠᠭ᠎ᠠ ᠶᠢᠨ ᠴᠢᠳᠠᠪᠤᠷᠢ ᠶᠢ ᠲᠡᠭᠦᠯᠳᠡᠷᠵᠢᠭᠦᠯᠪᠠ;ᠰᠢᠤᠳᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ | ᠲᠣᠬᠢᠷᠠᠭᠤᠯᠤᠨ ᠬᠦᠷᠭᠡᠬᠦ︽ᠡᠴᠦᠰ ᠤᠨ ᠨᠢᠭᠡ ᠺᠢᠯᠣᠮᠧᠲᠷ︾ ᠢ ᠦᠷᠭᠦᠯᠵᠢᠯᠡᠨ ᠰᠠᠭᠠᠳ ᠦᠭᠡᠢ ᠨᠠᠪᠲᠠᠷᠡᠭᠦᠯᠵᠦ᠂ ᠴᠠᠭ | ᠠᠭᠤᠷ ᠤᠨ ᠰᠠᠯᠠᠭ᠎ᠠ ᠮᠥᠴᠢᠷ ᠴᠠᠭᠠᠨ ᠰᠠᠷ᠎ᠠ ᠶᠢᠨ ᠵᠥᠭᠡᠭᠡᠪᠦᠷᠢ ᠶᠢᠨ ᠬᠤᠭᠤᠴᠠᠭᠠᠨ ᠳᠠᠬᠢ ᠬᠦᠢᠲᠡᠨ ᠤᠷᠤᠰᠬᠠᠯ᠂ | ᠶᠡᠭᠡ ᠴᠠᠰᠤ ᠵᠡᠷᠭᠡ ᠭᠠᠮᠰᠢᠭᠲᠤ ᠴᠠᠭ ᠠᠭᠤᠷ ᠢ ᠤᠷᠢᠳᠴᠢᠯᠠᠨ ᠮᠡᠳᠡᠭᠡᠯᠡᠵᠦ ᠰᠡᠷᠡᠮᠵᠢᠯᠡᠭᠦᠯᠭᠦ ᠪᠠᠨ ᠴᠢᠩᠭᠠᠳᠬᠠᠨ᠂ | ᠴᠠᠭ ᠠᠭᠤᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠪᠠ᠃ ᠲᠦᠷᠭᠡᠨ | ᠤ ᠵᠠᠰᠠᠮᠠᠯ ᠵᠠᠮ ᠤᠨ ᠡᠵᠡᠩᠨᠡᠯᠲᠡ ᠬᠠᠮᠢᠶᠠᠷᠤᠯᠲᠠ ᠶᠢᠨ ᠨᠢᠭᠡᠴᠢ ᠶᠢᠨ ᠬᠢᠨ ᠪᠠᠰᠠ ᠵᠠᠮ ᠤᠨ ᠲᠣᠣᠷ ᠤᠨ ᠠᠵᠢᠯᠯᠠᠭᠠᠨ | ᠢ ᠬᠢᠨᠠᠨ ᠬᠡᠮᠵᠢᠬᠦ ᠪᠠ ᠤᠷᠢᠳᠴᠢᠯᠠᠨ ᠰᠡᠷᠡᠮᠵᠢᠯᠡᠭᠦᠯᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠨ᠂ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠵᠦ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ | ᠠᠵᠢᠯᠯᠠᠭᠠᠨ ᠢ ᠦᠨᠡᠨ ᠬᠦ ᠪᠠᠲᠤᠯᠠᠵᠤ ᠪᠠᠶᠢᠨ᠎ᠠ᠃ | | |