| | | | ᠰᠤᠷᠪᠤᠯᠵᠢᠯᠠᠬᠴᠢ ᠭᠦᠭᠡᠬᠤᠲᠠ ᠶᠢᠨ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠤᠰᠬᠤᠨ ᠮᠠᠯᠵᠢᠬᠤ | ᠣᠷᠣᠨ ᠤ ᠲᠣᠪᠴᠢᠶ᠎ᠠ ᠠᠴᠠ ᠣᠶᠢᠯᠠᠭᠠᠭᠰᠠᠨ ᠢᠶᠠᠷ᠂ 2024 ᠣᠨ ᠳᠤ ᠭᠦᠭᠡᠬᠤᠲᠠ ᠶᠢᠨ ᠰᠦ ᠶᠢᠨ ᠭᠠᠷᠤᠯᠲᠠ | 222 ᠲᠦᠮᠡᠨ ᠲᠣᠨ ᠳᠤ ᠬᠦᠷᠴᠦ᠂ 2021 ᠣᠨ ᠤ ᠬᠢ ᠠᠴᠠ 47 ᠲᠦᠮᠡᠨ ᠲᠣᠨ ᠨᠡᠮᠡᠭᠳᠡᠨ᠂ ᠳᠥᠷᠪᠡᠨ ᠵᠢᠯ | ᠳᠠᠷᠠᠭᠠᠯᠠᠨ ᠨᠡᠮᠡᠭᠳᠡᠯ ᠢᠶᠠᠨ ᠪᠠᠲᠤᠯᠠᠪᠠ᠃ | | | 2024 ᠣᠨ ᠳᠤ ᠭᠦᠭᠡᠬᠤᠲᠠ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ | ᠬᠡᠷᠡᠭᠯᠡᠨ︽ᠭᠤᠣᠯᠳᠠᠯᠭ᠎ᠠ ᠶᠢ ᠪᠠᠲᠤᠯᠠᠵᠤ︾᠂ ︽ᠥᠨᠳᠥᠷ ᠭᠠᠷᠤᠯᠲᠠ ᠶᠢ ᠪᠠᠲᠤᠯᠠᠬᠤ︾ ᠪᠠᠶᠢᠯᠳᠤᠬᠤ ᠪᠣᠳᠣᠯᠭ᠎ᠠ ᠶᠢ | ᠵᠢᠷᠤᠮᠯᠠᠵᠤ᠂ ᠲᠡᠵᠢᠭᠡᠨ ᠦᠷᠡᠵᠢᠭᠦᠯᠬᠦ ᠲᠠᠯᠠᠪᠠᠶ ᠶᠢ ᠬᠥᠲᠥᠯᠥᠨ ᠵᠢᠯᠤᠭᠤᠳᠴᠤ ᠪᠠᠶᠢᠭᠠᠳ ᠰᠠᠭᠠᠯᠢ ᠶᠢᠨ ᠦᠨᠢᠶᠡᠨ ᠤ | ᠰᠦᠷᠦᠭ ᠤᠨ ᠪᠦᠲᠦᠴᠡ ᠶᠢ ᠰᠢᠯᠢᠳᠡᠭᠵᠢᠭᠦᠯᠦᠨ᠂ ᠰᠦ ᠶᠢᠨ ᠭᠠᠷᠤᠯᠲᠠ ᠪᠠᠷ ᠳᠣᠣᠷ᠎ᠠ ᠰᠠᠭᠠᠯᠢ ᠶᠢᠨ ᠦᠨᠢᠶ᠎ᠡ ᠶᠢ | ᠰᠢᠭᠰᠢᠭᠳᠡᠭᠦᠯᠵᠦ᠂ ᠴᠢᠨᠠᠷ ᠰᠠᠶᠢᠲᠠᠢ ᠬᠦᠢᠰᠦ ᠶᠢᠨ ᠢᠯᠭᠠᠯ ᠢ ᠡᠵᠡᠮᠳᠡᠭᠰᠡᠨ ᠭᠦᠪᠦᠷᠡᠯ ᠪᠠ ᠴᠢᠨᠠᠷ ᠰᠠᠶᠢᠲᠠᠢ ᠢᠴᠡᠭᠡᠯ | ᠦᠷ᠎ᠡ ᠶᠢ ᠶᠡᠭᠡ ᠪᠠᠷ ᠳᠡᠯᠭᠡᠷᠡᠭᠦᠯᠦᠨ ᠬᠡᠷᠡᠭᠯᠡᠵᠦ᠂ ᠰᠠᠭᠠᠯᠢ ᠶᠢᠨ ᠦᠨᠢᠶᠡᠨ ᠤ ᠰᠦ ᠶᠢᠨ ᠭᠠᠷᠤᠯᠲᠠ ᠶᠢ ᠳᠡᠭᠡᠭᠰᠢᠯᠡᠭᠦᠯᠭᠦ | ᠲᠠᠯ᠎ᠠ ᠪᠠᠷ ᠠᠷᠭ᠎ᠠ ᠤᠬᠠᠭᠠᠨ ᠰᠦᠪᠡᠭᠴᠢᠯᠡᠵᠦ᠂ ᠪᠦᠭᠦ ᠵᠢᠯ ᠤᠨ ᠰᠦ ᠶᠢᠨ ᠭᠠᠷᠤᠯᠲᠠ ᠶᠢ ᠵᠣᠬᠢᠬᠤ ᠬᠡᠮᠵᠢᠶ᠎ᠡ ᠪᠠᠷ | ᠨᠡᠮᠡᠭᠳᠡᠭᠦᠯᠦᠭᠰᠡᠨ ᠪᠠᠶᠢᠨ᠎ᠠ᠃ | | | ᠠᠵᠤ ᠠᠬᠤᠶᠢᠯᠠᠯ ᠢ ᠬᠠᠪᠰᠤᠷᠤᠨ ᠡᠵᠡᠩᠨᠡᠯᠲᠡ ᠶᠢᠨ ᠬᠦᠴᠢᠷᠳᠡᠯ ᠢ ᠨᠢ ᠰᠢᠢᠳᠪᠦᠷᠢᠯᠡᠵᠦ ᠥᠭᠪᠡ᠃ | ᠭᠦᠭᠡᠬᠤᠲᠠ ᠶᠢᠨ ᠬᠢᠨ ᠢᠯᠢ ᠪᠠ ᠮᠧᠩ ᠨᠢᠦ ᠬᠤᠶᠠᠷ ᠲᠣᠮᠣ ᠳᠠᠭᠠᠭᠤᠯᠤᠭᠴᠢ ᠠᠵᠤ ᠠᠬᠤᠶᠢᠯᠠᠯ ᠲᠠᠢ ᠵᠤᠯᠭᠠᠯᠴᠠᠭ᠎ᠠ | ᠥᠷᠨᠢᠭᠦᠯᠵᠦ᠂ ᠬᠡᠪ ᠤᠨ ᠶᠣᠰᠣᠭᠠᠷ ᠡᠵᠡᠩᠨᠡᠵᠦ ᠪᠠᠶᠢᠭ᠎ᠠ 143 ᠲᠡᠵᠢᠭᠡᠨ ᠦᠷᠡᠵᠢᠭᠦᠯᠬᠦ ᠲᠠᠯᠠᠪᠠᠶ ᠶᠢᠨ ᠪᠠᠶᠢᠳᠠᠯ ᠢ | ᠣᠶᠢᠯᠠᠭᠠᠨ᠂ ᠰᠦ ᠶᠢᠨ ᠦᠢᠯᠡᠰ ᠤᠨ ᠬᠥᠭᠵᠢᠯᠲᠡ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠳᠠᠭᠠᠨ ᠵᠠᠰᠠᠪᠤᠷᠢ | ᠣᠷᠣᠭᠤᠯᠵᠤ᠂ ︽ᠨᠢᠭᠡ ᠲᠠᠯᠠᠪᠠᠢ ᠳᠤ ᠨᠢᠭᠡ ᠠᠷᠭ᠎ᠠ ᠪᠣᠳᠣᠯᠭ᠎ᠠ ᠠᠪᠬᠤ︾ ᠬᠠᠪᠰᠤᠷᠤᠨ ᠲᠡᠳᠬᠦᠬᠦ ᠲᠣᠭᠲᠠᠴᠠ ᠶᠢ | ᠪᠠᠶᠢᠭᠤᠯᠤᠨ᠂ ᠳᠤᠮᠳᠠ ᠪᠠᠭ᠎ᠠ ᠮᠠᠯᠵᠢᠯ ᠤᠨ ᠲᠠᠯᠠᠪᠠᠶ ᠬᠢᠭᠡᠳ ᠳᠤᠮᠳᠠ ᠪᠠᠭ᠎ᠠ ᠴᠠᠭᠠᠨ ᠢᠳᠡᠭᠡᠨ ᠤ ᠠᠵᠤ ᠠᠬᠤᠶᠢᠯᠠᠯ | ᠪᠤᠶᠤ ᠭᠠᠷ ᠦᠢᠯᠡᠳᠬᠡᠯ ᠤᠨ ᠭᠠᠵᠠᠷ ᠤᠨ ᠬᠠᠩᠭᠠᠨ ᠪᠣᠷᠣᠯᠠᠭᠤᠯᠬᠤ ᠬᠠᠷᠢᠴᠠᠭ᠎ᠠ ᠪᠠᠶᠢᠭᠤᠯᠬᠤ ᠶᠢ ᠬᠠᠪᠰᠤᠷᠤᠨ | ᠵᠢᠯᠤᠭᠤᠳᠴᠤ᠂ ᠰᠦ ᠰᠠᠭᠠᠯᠢ ᠶᠢᠨ ᠪᠣᠷᠤᠯᠠᠭᠤᠯᠭ᠎ᠠ ᠶᠢᠨ ᠠᠷᠭ᠎ᠠ ᠵᠠᠮ ᠢ ᠪᠦᠳᠦᠮᠵᠢᠳᠠᠢ ᠥᠷᠭᠡᠳᠬᠡᠪᠡ᠃ ᠲᠣᠭᠲᠠᠬᠤ | ᠰᠢᠶᠠᠨ ᠤ 18 ᠲᠦᠮᠡᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ ᠬᠦᠷᠢᠶᠡᠯᠡᠩ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠠᠬᠢᠭᠤᠯᠤᠨ᠂ ᠬᠠᠮᠢᠶ᠎ᠠ ᠪᠦᠬᠦᠢ ᠦᠢᠯᠡᠳᠪᠦᠷᠢᠯᠡᠯ ᠤᠨ ᠴᠢᠳᠠᠪᠤᠷᠢ ᠶᠢᠨ ᠬᠦᠷᠢᠶᠡᠯᠡᠩ ᠲᠣᠭᠤᠷᠢᠭ | ᠲᠡᠶᠢᠰᠢ ᠰᠢᠯᠵᠢᠭᠦ ᠶᠢ ᠬᠥᠲᠥᠯᠥᠨ ᠵᠢᠯᠤᠭᠤᠳᠴᠤ᠂ ᠠᠶᠤᠯ ᠲᠦᠭᠰᠢᠭᠦᠷᠢ ᠶᠢ ᠠᠷᠭᠠᠴᠠᠭᠠᠬᠤ ᠴᠢᠳᠠᠪᠤᠷᠢ ᠪᠠᠨ | ᠳᠡᠭᠡᠭᠰᠢᠯᠡᠭᠦᠯᠪᠡ᠃ ᠡᠭᠦᠨ ᠤ ᠬᠠᠮᠲᠤ ᠵᠠᠬ᠎ᠠ ᠳᠡᠯᠭᠡᠭᠦᠷ ᠤᠨ ᠪᠠᠶᠢᠳᠠᠯ ᠤᠨ ᠬᠤᠪᠢᠷᠠᠯᠲᠠ ᠳᠤ ᠴᠢᠭᠯᠡᠭᠦᠯᠦᠨ | ︽ᠭᠦᠭᠡᠬᠤᠲᠠ ᠶᠢᠨ ᠰᠦ ᠶᠢᠨ ᠦᠢᠯᠡᠰ ᠤᠨ ᠬᠥᠭᠵᠢᠯᠲᠡ ᠶᠢ ᠠᠬᠢᠭᠤᠯᠬᠤ ᠲᠠᠪᠤᠨ ᠵᠦᠢᠯ ᠤᠨ ᠲᠥᠷᠥ ᠶᠢᠨ | ᠪᠣᠳᠣᠯᠭ᠎ᠠ ᠠᠷᠭ᠎ᠠ ᠬᠡᠮᠵᠢᠶ᠎ᠡ︾ ᠶᠢ ᠲᠤᠭᠤᠷᠪᠢᠵᠤ᠂ ᠲᠡᠵᠢᠭᠡᠨ ᠦᠷᠡᠵᠢᠭᠦᠯᠬᠦ ᠡᠳ᠋ᠰᠢᠭᠦᠯᠦᠨ ᠪᠤᠯᠪᠠᠰᠤᠷᠠᠭᠤᠯᠬᠤ ᠶᠢ ᠨᠢᠭᠡ | ᠴᠣᠭᠴᠠᠵᠢᠭᠤᠯᠤᠨ ᠬᠥᠭᠵᠢᠭᠦᠯᠬᠦ ᠶᠢ ᠵᠣᠷᠢᠭᠵᠢᠭᠤᠯᠵᠤ᠂ ᠳᠤᠮᠳᠠ ᠪᠠᠭ᠎ᠠ ᠲᠡᠵᠢᠭᠡᠨ ᠦᠷᠡᠵᠢᠭᠦᠯᠬᠦ ᠲᠠᠯᠠᠪᠠᠶ ᠶᠢᠨ | ᠴᠠᠭᠠᠨ ᠢᠳᠡᠭᠡᠨ ᠤ ᠵᠢᠵᠢᠭ ᠦᠢᠯᠡᠳᠬᠡᠯ ᠤᠨ ᠭᠠᠵᠠᠷ ᠪᠤᠶᠤ ᠴᠠᠭᠠᠨ ᠢᠳᠡᠭᠡᠨ ᠪᠤᠯᠪᠠᠰᠤᠷᠠᠭᠤᠯᠬᠤ ᠠᠵᠤ ᠠᠬᠤᠶᠢᠯᠠᠯ | ᠡᠷᠭᠢᠯᠡᠭᠦ ᠶᠢ ᠵᠣᠷᠢᠭᠵᠢᠭᠤᠯᠵᠤ᠂ ᠰᠢᠨ᠎ᠡ ᠰᠣᠷᠭᠤᠭ ᠲᠦᠭᠦᠬᠡᠢ ᠰᠦ ᠶᠢᠨ ᠬᠡᠷᠡᠭᠯᠡᠭᠡ ᠶᠢ ᠠᠬᠢᠭᠤᠯᠵᠤ᠂ ᠵᠠᠬ᠎ᠠ | ᠳᠡᠯᠭᠡᠭᠦᠷ ᠤᠨ ᠲᠦᠭᠰᠢᠭᠦᠷᠢ ᠶᠢ ᠰᠡᠷᠭᠡᠶᠢᠯᠡᠭᠰᠡᠨ ᠪᠠᠶᠢᠨ᠎ᠠ᠃ |