| | | | ᠪᠣᠣ ᠭᠠᠩ ᠬᠤᠷᠠᠯ ᠡᠷᠬᠢᠯᠡᠨ ᠶᠠᠷᠢᠶ᠎ᠠ ᠲᠠᠯᠪᠢᠵᠠᠢ | | | ︵ᠰᠤᠷᠪᠤᠯᠵᠢᠯᠠᠭᠴᠢ ᠶᠦᠨ ᠵᠢᠩ︶ 1 ᠳ᠋ᠦ᠋ᠭᠡᠷ ᠰᠠᠷ᠎ᠠ ᠶᠢᠨ 22 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠶᠢᠨ ᠤᠳᠤᠷᠢᠳᠬᠤ ᠪᠠᠭ 2024 ᠣᠨ ᠤ ᠠᠷᠠᠳᠴᠢᠯᠠᠯ ᠤᠨᠠᠮᠢᠳᠤᠷᠠᠯ ᠤᠨ ᠬᠤᠷᠠᠯ | ᠬᠤᠷᠠᠯᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠠᠬᠢᠯᠭ᠎ᠠ ᠪᠠᠲᠤ ᠶᠢᠨ | ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ ᠭᠦᠨᠵᠡᠭᠡᠶᠢᠷᠡᠭᠦᠯᠬᠦ᠂ ᠨᠠᠮ ᠤᠨ ᠰᠠᠬᠢᠯᠭ᠎ᠠ | ᠪᠠᠲᠤ ᠶᠢᠨ ᠬᠥᠮᠦᠵᠢᠯ ᠤᠨ ᠬᠢᠵᠠᠭᠠᠷᠯᠠᠯ ᠪᠠ ᠪᠠᠲᠤᠯᠠᠭ᠎ᠠ ᠶᠢᠨ ᠤᠷᠮᠠᠰᠢᠭᠤᠯᠬᠤ ᠦᠢᠯᠡᠳᠦᠯ ᠢ ᠶᠡᠷᠦᠩᠬᠡᠶᠢᠯᠡᠨ | ᠪᠠᠳᠠᠷᠠᠭᠤᠯᠬᠤ ᠶᠢᠨ ᠲᠣᠭᠤᠷᠢᠨ ᠳᠤ᠂ ᠪᠣᠳᠠᠲᠠᠢ ᠲᠠᠢ ᠨᠢᠭᠲᠠ ᠤᠶᠠᠯᠳᠤᠭᠤᠯᠵᠤ᠂ ᠪᠦᠬᠦ ᠲᠠᠯ᠎ᠠ ᠪᠠᠷ ᠬᠠᠷᠢᠴᠠᠭᠤᠯᠤᠨ | ᠪᠠᠶᠢᠴᠠᠭᠠᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ | ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃ | | | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠭᠡᠷ ᠱᠠᠯᠠᠪᠳᠠᠭᠤᠯᠤᠨ ᠵᠢᠯᠤᠭᠤᠳᠬᠤ | ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠨ ᠵᠢᠭᠠᠨ ᠵᠢᠯᠤᠭᠤᠳᠴᠤ᠂ ᠱᠠᠯᠠᠪᠳᠠᠭᠤᠯᠤᠨ | ᠵᠢᠯᠤᠭᠤᠳᠬᠤ ᠳᠤᠭᠤᠶᠢᠯᠠᠩ ᠤᠨ ᠳᠠᠷᠤᠭ᠎ᠠ ᠵᠢᠶᠠᠩ ᠶᠠᠨ ᠸᠧᠨ ᠦᠨᠡᠯᠡᠯᠲᠡ ᠬᠢᠪᠡ᠃ ᠬᠤᠲᠠ ᠶᠢᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ ᠤᠳᠠᠭᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ | ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠤᠷᠠᠯ ᠠᠴᠠ ᠡᠮᠦᠨ᠎ᠡ ᠪᠣᠳᠠᠲᠠᠢ ᠲᠥᠰᠥᠯ | ᠲᠣᠭᠲᠠᠭᠠᠵᠤ᠂ ᠰᠤᠷᠤᠯᠴᠠᠨ ᠰᠤᠳᠤᠯᠤᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ | ᠬᠤᠷᠢᠶᠠᠵᠤ᠂ ᠰᠡᠳᠬᠢᠯ ᠤᠨ ᠦᠭᠡ ᠪᠠᠨ ᠶᠠᠷᠢᠯᠴᠠᠵᠤ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ | ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠢ᠃ | | | ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ | ᠦᠵᠡᠯ ᠰᠠᠨᠠᠭᠠᠨ ᠤ ᠭᠤᠣᠯ ᠰᠡᠳᠦᠪᠲᠦ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨᠠᠮᠢᠳᠤᠷᠠᠯ ᠤᠨ | ᠬᠤᠷᠠᠯ ᠤᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠣᠨ ᠲᠣᠰ ᠵᠢᠯ ᠤᠨ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠪᠣᠣ ᠭᠠᠩ | ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ | ᠬᠠᠷᠢᠴᠠᠭᠤᠯᠤᠨ ᠪᠠᠶᠢᠴᠠᠭᠠᠬᠤ ᠶᠢᠨ ᠬᠠᠮᠲᠤ ᠲᠦᠷᠦᠭᠦᠯᠡᠨ ᠬᠤᠪᠢ ᠬᠥᠮᠥᠨ ᠤ ᠬᠠᠷᠢᠴᠠᠭᠤᠯᠤᠨ ᠪᠠᠶᠢᠴᠠᠭᠠᠯᠲᠠ ᠬᠢᠵᠦ᠂ | ᠪᠤᠰᠤᠳ ᠪᠠᠶᠢᠩᠭᠤ ᠶᠢᠨ ᠬᠤᠷᠢᠶᠠᠨ ᠤ ᠨᠥᠬᠦᠳ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠯᠲᠠ ᠬᠢᠪᠡ᠃ | ᠨᠥᠬᠦᠳ ᠨᠢᠭᠡᠪᠦᠷᠢ ᠶᠠᠷᠢᠶ᠎ᠠ ᠲᠠᠯᠪᠢᠭᠰᠠᠨ ᠤ ᠲᠠᠷᠠᠭ᠎ᠠ᠂ ᠪᠤᠰᠤᠳ ᠨᠥᠬᠦᠳ ᠲᠡᠰ ᠳᠠᠷᠠᠭᠠᠯᠠᠨ ᠰᠢᠭᠦᠮᠵᠢᠯᠡᠬᠦ ᠰᠠᠨᠠᠯ | ᠳᠤᠷᠠᠳᠪᠠ᠃ | | | ᠪᠣᠣ ᠭᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ | ᠬᠤᠷᠠᠯ ᠨᠢ ᠦᠵᠡᠯ ᠰᠠᠨᠠᠭ᠎ᠠ ᠪᠠᠨ ᠰᠣᠯᠢᠯᠴᠠᠵᠤ᠂ ᠠᠰᠠᠭᠤᠳᠠᠯ ᠢ ᠪᠠᠶᠢᠴᠠᠭᠠᠨ ᠦᠵᠡᠵᠦ᠂ ᠴᠢᠭᠯᠡᠯ ᠢ ᠲᠣᠳᠣᠷᠬᠠᠶᠢᠯᠠᠵᠤ᠂ | ᠲᠠᠨᠢᠯᠲᠠ ᠪᠠᠨ ᠭᠦᠨᠵᠡᠭᠡᠶᠢᠷᠡᠭᠦᠯᠬᠦ᠂ ᠪᠦᠯᠬᠦᠮᠳᠡᠯ ᠢ ᠴᠢᠩᠭᠠᠳᠬᠠᠬᠤ᠂ ᠬᠠᠮᠲᠤ ᠪᠠᠷ ᠳᠡᠭᠡᠭᠰᠢᠯᠡᠭᠦᠯᠬᠦ ᠵᠣᠷᠢᠯᠭ᠎ᠠ ᠳᠠᠭᠠᠨ | ᠬᠦᠷᠴᠡᠢ᠃ ᠪᠢᠳᠡ ᠪᠠᠶᠢᠴᠠᠭᠠᠨ ᠢᠯᠡᠷᠡᠭᠦᠯᠦᠭᠰᠡᠨ ᠠᠰᠠᠭᠤᠳᠠᠯ ᠢ ᠦᠨᠡᠨ ᠪᠣᠳᠠᠲᠠᠢ ᠴᠡᠭᠴᠡᠯᠡᠨ ᠰᠠᠶᠢᠵᠢᠷᠠᠭᠤᠯᠵᠤ᠂ | ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠦᠨᠡᠨ ᠬᠦ ᠤᠳᠤᠷᠢᠳᠬᠤ ᠪᠠᠭ ᠤᠨ ᠲᠤᠰ | ᠪᠡᠶ᠎ᠡ ᠶᠢᠨ ᠪᠠᠶᠢᠭᠤᠯᠤᠯᠲᠠ ᠶᠢ ᠴᠢᠩᠭᠠᠳᠬᠠᠬᠤ ᠪᠣᠳᠠᠲᠠᠢ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠡᠢ᠃ | | | | ᠪᠣᠣ ᠭᠠᠩ ᠬᠡᠯᠡᠬᠦ ᠳᠡᠭᠡᠨ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ | ᠪᠠᠭ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠴᠢᠭᠯᠡᠯ ᠢᠶᠠᠨ ᠡᠷᠡᠰ ᠪᠠᠷᠢᠮᠲᠠᠯᠠᠵᠤ᠂ | ᠤᠯᠤᠰ ᠲᠦᠷᠦ ᠶᠢᠨ ᠡᠭᠦᠷᠭᠡᠯᠡᠯ ᠢᠶᠠᠨ ᠴᠢᠩᠭᠠᠳᠬᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠭᠰᠠᠨ︾ | ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ | ᠪᠠᠲᠤ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠤᠨ ᠤᠷᠳᠤ ᠬᠤᠭᠤᠴᠠᠭ᠎ᠠ ᠪᠦᠲᠦᠮᠵᠢᠲᠡᠢ ᠪᠠᠶᠢᠯᠭᠠᠬᠤ ᠶᠢ | ᠠᠬᠢᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠶᠢ ᠭᠦᠨᠵᠡᠭᠡᠶᠢᠷᠡᠭᠦᠯᠵᠦ᠂ ᠠᠷᠢᠭᠤᠨ ᠴᠢᠬᠡᠴᠢ ᠪᠠᠷ ᠵᠠᠰᠠᠭ | ᠪᠠᠷᠢᠬᠤ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ | ᠬᠥᠮᠦᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠭᠦᠨᠵᠡᠭᠡᠶᠢᠷᠡᠭᠦᠯᠬᠦ ᠬᠡᠷᠡᠭᠲᠡᠢ᠃ ᠨᠢᠭᠡ ᠭᠤᠣᠯ | ᠰᠢᠵᠢᠮ ᠢ ᠲᠤᠭᠤᠰᠢᠯᠠᠭᠤᠯᠵᠤ᠂ ︽ᠬᠤᠶᠠᠷ ᠶᠡᠭᠡ ᠶᠠᠪᠤᠳᠠᠯ︾ ᠢ ᠰᠠᠶᠢᠲᠤᠷ ᠬᠢᠵᠦ᠂ ︽ᠲᠠᠪᠤᠨ ᠶᠡᠭᠡ ᠡᠭᠦᠷᠭᠡ︾ ᠶᠢ | ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ | ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠬᠥᠭᠵᠢᠯᠲᠡ ᠶᠢ ᠶᠡᠬᠡᠪᠡᠷ ᠠᠳᠬᠤᠨ᠂ ᠶᠡᠭᠡ ᠲᠠᠯ᠎ᠠ ᠳᠤ | ᠦᠢᠯᠡᠴᠢᠯᠡᠵᠦ᠂ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠬᠠᠷᠢᠭᠤᠴᠠᠯᠭ᠎ᠠ | ᠡᠭᠦᠷᠭᠡᠯᠡᠯ ᠢᠶᠠᠨ ᠦᠷᠭᠦᠯᠵᠢᠯᠡᠨ ᠴᠢᠩᠭᠠᠳᠬᠠᠵᠤ᠂ ᠣᠷᠣᠨ ᠤ ᠲᠥᠪ ᠬᠤᠲᠠ ᠶᠢᠨ ᠪᠦᠬᠦ ᠣᠷᠣᠨ ᠤ ᠬᠥᠭᠵᠢᠯᠲᠡ ᠶᠢᠨ | ᠶᠡᠭᠡ ᠲᠠᠯ᠎ᠠ ᠳᠤ ᠵᠣᠷᠢᠭᠲᠠᠢ ᠪᠠᠷ ᠭᠤᠣᠯ ᠡᠭᠦᠷᠭᠡ ᠡᠭᠦᠷᠭᠡᠯᠡᠵᠦ᠂ ᠢᠯᠡᠭᠦᠬᠡᠨ ᠬᠤᠪᠢ ᠨᠡᠮᠡᠷᠢ ᠦᠵᠡᠭᠦᠯᠬᠦ ᠶᠢ | ᠠᠬᠢᠭᠤᠯᠬᠤ ᠬᠡᠷᠡᠭᠲᠡᠢ ᠭᠡᠵᠡᠢ᠃ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠨ᠂ ᠠᠵᠢᠯ ᠤᠨ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠲᠠᠯ᠎ᠠ ᠪᠠᠷ | ᠰᠠᠶᠢᠲᠤᠷ ᠳᠠᠭᠠᠭᠤᠯᠵᠤ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠤᠳᠤᠷᠢᠳᠬᠤ ᠺᠠᠳ᠋ᠷᠴᠤᠳ ᠢ | ᠬᠥᠲᠥᠯᠥᠨ ᠵᠢᠯᠤᠭᠤᠳᠴᠤ ᠪᠠᠶᠢᠭᠠᠳ ᠦᠨᠡᠨ ᠠᠳᠬᠤᠨ ᠪᠣᠳᠠᠲᠠᠢ ᠠᠵᠢᠯᠯᠠᠵᠤ᠂ ᠨᠠᠮ ᠤᠨ ᠲᠥᠪ ᠬᠤᠷᠢᠶ᠎ᠠ ᠶᠢᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠣᠷᠣᠨ ᠤ ᠲᠥᠪ ᠬᠤᠲᠠ ᠳᠤ ᠨᠠᠷᠢᠯᠢᠭ ᠨᠠᠶᠢᠳᠠᠪᠤᠷᠢᠵᠢᠭᠤᠯᠬᠤ ᠶᠢ ᠪᠠᠲᠤᠯᠠᠬᠤ | ᠬᠡᠷᠡᠭᠲᠡᠢ ᠭᠡᠵᠡᠢ᠃ | | | ᠼᠦᠢ ᠵᠧᠨ ᠦ᠋᠂ ᠦ᠋ ᠸᠧᠨ ᠮᠢᠩ ᠬᠤᠷᠠᠯ ᠳᠤ ᠰᠤᠯᠠ ᠣᠷᠣᠯᠴᠠᠪᠠ᠃ | |