| | | | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠤᠯᠤᠰ ᠤᠨ ᠰᠢᠨ᠎ᠡ ᠬᠡᠪᠯᠡᠯ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ ᠵᠦᠢᠯᠡᠰ ᠤᠨ ᠭᠠᠷᠴᠠᠭ ᠢ 1 ᠰᠠᠷ᠎ᠠ | 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃ ᠰᠢᠨ᠎ᠡ ᠬᠡᠪᠯᠡᠯ ᠤᠨ ᠡᠮ ᠡᠮᠨᠡᠯᠭᠡ ᠶᠢᠨ ᠳᠠᠭᠠᠳᠬᠠᠯ ᠤᠨ ᠡᠮ ᠤᠨ | ᠵᠦᠢᠯᠡᠰ ᠤᠨ ᠭᠠᠷᠴᠠᠭ ᠲᠤ ᠡᠸᠦ᠋ᠷᠦᠫᠡ ᠡᠮ᠂ ᠬᠢᠲᠠᠳ ᠪᠡᠯᠡᠨ ᠡᠮ᠂ ᠵᠥᠪᠯᠡᠯᠴᠡᠭᠡᠷ ᠤᠨ ᠬᠤᠭᠤᠴᠠᠭᠠᠨ ᠳᠤ | ᠬᠡᠯᠡᠯᠴᠡᠭᠡ ᠬᠢᠭᠰᠡᠨ ᠡᠮ ᠤᠨ ᠵᠦᠢᠯᠡᠰ 3159 ᠵᠦᠢᠯ ᠢ ᠬᠠᠮᠤᠷᠤᠨ ᠣᠷᠣᠭᠤᠯᠵᠤ᠂ ᠮᠠᠨ ᠤ ᠣᠷᠣᠨ ᠡᠳᠡᠭᠡᠷ | ᠡᠮ ᠤᠨ ᠵᠦᠢᠯᠡᠰ ᠠᠴᠠ ᠬᠡᠰᠡᠭ ᠪᠦᠯᠦᠭ ᠢ ᠨᠢ ᠡᠭᠦᠳᠡᠨ ᠡᠮᠨᠡᠯᠭᠡ ᠶᠢᠨ ᠣᠨᠴᠠᠭᠠᠶ ᠬᠡᠷᠡᠭᠯᠡᠬᠦ ᠡᠮ ᠤᠨ | ᠬᠠᠮᠢᠶᠠᠷᠤᠯᠲᠠ ᠳᠤ ᠣᠷᠣᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠡᠭᠦᠳᠡᠨ ᠡᠮᠨᠡᠯᠭᠡ ᠶᠢᠨ ᠣᠨᠴᠠᠭᠠᠶ ᠬᠡᠷᠡᠭᠯᠡᠬᠦ | ᠡᠮ ᠢ 154 ᠵᠦᠢᠯ ᠪᠣᠯᠭᠠᠨ ᠨᠡᠮᠡᠭᠳᠡᠭᠦᠯᠵᠡᠢ᠃ | | | | | ᠣᠶᠢᠯᠠᠭᠠᠭᠰᠠᠨ ᠢᠶᠠᠷ᠂ ᠤᠯᠤᠰ ᠤᠨ ᠬᠡᠯᠡᠯᠴᠡᠭᠡᠨ ᠤ ᠡᠮ ᠤᠨ ᠵᠦᠢᠯᠡᠰ ᠤᠨ ᠡᠭᠦᠳᠡᠨ ᠡᠮᠨᠡᠯᠭᠡ ᠶᠢᠨ | ᠬᠠᠩᠭᠠᠯᠭ᠎ᠠ ᠶᠢᠨ ᠪᠠᠲᠤᠯᠠᠭ᠎ᠠ ᠶᠢᠨ ᠲᠦᠪᠰᠢᠨ ᠢ ᠦᠨᠡᠨ ᠬᠦ ᠳᠡᠭᠡᠭᠰᠢᠯᠡᠭᠦᠯᠭᠦ ᠶᠢᠨ ᠲᠥᠯᠥᠭᠡ᠂ ᠣᠶᠢᠷ᠎ᠠ ᠶᠢᠨ ᠵᠢᠯ ᠳᠤ | ᠮᠠᠨ ᠤ ᠣᠷᠣᠨ ᠡᠭᠦᠳᠡᠨ ᠡᠮᠨᠡᠯᠭᠡ ᠶᠢᠨ ᠣᠨᠴᠠᠭᠠᠶ ᠬᠡᠷᠡᠭᠯᠡᠬᠦ ᠡᠮ ᠤᠨ ᠪᠠᠲᠤᠯᠠᠭ᠎ᠠ ᠶᠢᠨ ᠲᠣᠭᠲᠠᠴᠠ ᠶᠢ ᠲᠠᠰᠤᠷᠠᠯᠲᠠ | ᠦᠭᠡᠢ ᠰᠢᠯᠢᠳᠡᠭᠵᠢᠭᠦᠯᠵᠦ᠂ ᠬᠡᠰᠡᠭ ᠡᠮᠴᠢᠯᠡᠭᠡᠨ ᠤ ᠦᠶᠡᠯᠡᠯ ᠤᠨ ᠬᠤᠭᠤᠴᠠᠭ᠎ᠠ ᠨᠢ ᠣᠷᠳᠣ ᠮᠥᠷᠲᠡᠭᠡᠨ ᠵᠠᠷᠤᠳᠠᠯ ᠤᠨ | ᠳᠠᠷᠤᠭᠠᠰᠤ ᠨᠢ ᠨᠡᠯᠢᠶᠡᠳ ᠬᠦᠨᠳᠦ ᠡᠮ ᠤᠨ ᠵᠦᠢᠯᠡᠰ ᠲᠤ ᠲᠤᠰᠬᠠᠢ ᠲᠣᠭᠠᠴᠠᠭ᠎ᠠ ᠬᠢᠬᠦ ᠶᠢ ᠬᠡᠷᠡᠭᠵᠢᠭᠦᠯᠵᠦ᠂ | ᠣᠨᠴᠠᠭᠠᠢ ᠡᠮ ᠤᠨ ᠭᠠᠷᠴᠠᠭ ᠢ ᠤᠯᠤᠰ ᠤᠨ ᠤᠳᠠᠭ᠎ᠠ ᠪᠦᠷᠢ ᠶᠢᠨ ᠡᠮ ᠤᠨ ᠵᠦᠢᠯ ᠤᠨ ᠬᠡᠯᠡᠯᠴᠡᠭᠡᠨ ᠤ ᠦᠷ᠎ᠡ | ᠳ᠋ᠦᠩ ᠢ ᠦᠨᠳᠦᠰᠦᠯᠡᠨ ᠠᠯᠬᠤᠮ ᠠᠯᠬᠤᠮ ᠢᠶᠠᠷ ᠥᠷᠭᠡᠳᠬᠡᠪᠡ᠃ ᠲᠣᠰ ᠤᠳᠠᠭᠠᠨ ᠤ ᠰᠢᠨ᠎ᠡ ᠬᠡᠪᠯᠡᠯ ᠤᠨ | ᠭᠠᠷᠴᠠᠭ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ᠂ ᠮᠠᠨ ᠤ ᠣᠷᠣᠨ ᠪᠠᠰᠠ ᠳᠠᠪᠤᠰᠤᠨ ᠬᠦᠴᠢᠯ ᠤᠨ | ᠢᠫᠦᠶᠢᠺᠤᠫ ᠤᠨ ᠬᠤᠮᠵᠢᠶ᠎ᠠ᠂ ᠡᠾᠯᠤᠷᠪᠠᠽᠠᠨ ᠤ ᠬᠠᠪᠲᠠᠭᠠᠢ ᠦᠷᠢᠯ᠂ ᠲᠢᠷᠠᠯᠤᠰ ᠤᠨ ᠮᠥᠬᠦᠯᠢᠭ᠂ ᠮᠠᠹᠡᠭᠧᠲ᠋ᠠᠢ ᠶᠢᠨ | ᠬᠤᠮᠵᠢᠶ᠎ᠠ ᠵᠡᠷᠭᠡ 22 ᠵᠦᠢᠯ ᠤᠨ ᠡᠮ ᠤᠨ ᠵᠦᠢᠯᠡᠰ ᠢ ᠣᠨᠴᠠᠭᠠᠢ ᠡᠮ ᠤᠨ ᠪᠠᠲᠤᠯᠠᠭ᠎ᠠ ᠶᠢᠨ ᠬᠡᠪᠴᠢᠶᠡᠨ ᠳᠤ | ᠣᠷᠣᠭᠤᠯᠪᠠ᠃ 154 ᠵᠦᠢᠯ ᠤᠨ ᠣᠨᠴᠠᠭᠠᠶ ᠡᠮ ᠤᠨ ᠲᠥᠷᠥᠯ ᠨᠢ ᠣᠯᠠᠨ ᠡᠭᠦᠰᠬᠦ ᠴᠢᠨᠠᠷᠲᠠᠢ ᠬᠠᠲᠠᠭᠤᠷᠠᠯ᠂ | ᠨᠤᠭᠤᠰᠤᠨ ᠤ ᠴᠢᠨᠠᠷᠲᠠᠢ ᠪᠤᠯᠴᠢᠩ ᠠᠪᠴᠢᠬᠤ᠂ ᠠᠭᠤᠰᠬᠢᠨ ᠤ ᠯᠤᠭᠰᠢᠭᠤᠨ ᠰᠤᠳᠠᠯ ᠤᠨ ᠥᠨᠳᠥᠷ ᠳᠠᠷᠤᠯᠲᠠ᠂ | ᠰᠢᠰᠲ᠋ᠧᠮᠲᠦ ᠴᠢᠨᠠᠷᠲᠠᠢ ᠤᠯᠠᠭᠠᠨ ᠲᠣᠯᠪᠣᠲᠤ ᠴᠢᠨ᠋ᠸ᠎ᠠ ᠶᠢᠨ ᠶᠠᠷ᠎ᠠ ᠵᠡᠷᠭᠡ 83 ᠡᠪᠡᠳᠴᠢᠨ ᠤ ᠲᠥᠷᠥᠯ ᠢ ᠬᠠᠮᠤᠷᠴᠠᠢ᠃ | ᠡᠭᠦᠨ ᠤ ᠬᠠᠮᠲᠤ᠂ ᠤᠯᠤᠰ ᠤᠨ ᠬᠡᠯᠡᠯᠴᠡᠭᠡ ᠳᠤ ᠤᠷᠤᠯᠴᠠᠬᠰᠠᠨ ᠡᠮ ᠤᠨ ᠵᠦᠢᠯᠡᠰ ᠢ ᠪᠦᠭᠦᠨ ᠢ ᠥᠪᠥᠷ | ᠮᠣᠩᠭᠤᠯ ᠤᠨ ︽ᠬᠤᠣᠰ ᠨᠡᠪᠲᠡᠷᠡᠬᠦ ᠵᠠᠮ︾ ᠤᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠲᠣᠭᠲᠠᠭᠰᠠᠨ ᠴᠡᠭ | ᠤᠨ ᠵᠢᠵᠢᠭᠯᠡᠨ ᠬᠤᠳᠠᠯᠳᠤᠬᠤ ᠡᠮ ᠤᠨ ᠳᠡᠯᠭᠡᠭᠦᠷ ᠤᠨ ᠲᠠᠷᠬᠠᠯᠲᠠ ᠥᠷᠭᠡᠨ᠂ ᠵᠠᠬ᠎ᠠ ᠳᠡᠯᠭᠡᠭᠦᠷᠴᠢᠯᠡᠭᠰᠡᠨ ᠬᠡᠮᠵᠢᠶ᠎ᠡ | ᠥᠨᠳᠥᠷ᠂ ᠦᠢᠯᠡᠴᠢᠯᠡᠭᠡ ᠠᠮᠢᠳᠤᠯᠢᠭ ᠵᠡᠷᠭᠡ ᠳᠠᠪᠠᠭᠤᠯᠢᠭ ᠢ ᠪᠠᠳᠠᠷᠠᠭᠤᠯᠤᠨ᠂ ᠲᠣᠭᠲᠠᠭᠰᠠᠨ ᠴᠡᠭ ᠤᠨ ᠡᠮᠴᠢᠯᠡᠭᠡᠨ ᠤ | ᠪᠠᠶᠢᠭᠤᠯᠤᠮᠵᠢ ᠯᠤᠭ᠎ᠠ ᠬᠠᠷᠢᠯᠴᠠᠨ ᠨᠥᠬᠦᠪᠦᠷᠢᠯᠡᠵᠦ᠂ ᠬᠠᠩᠭᠠᠯᠭ᠎ᠠ ᠶᠢᠨ ᠪᠠᠲᠤᠯᠠᠭ᠎ᠠ ᠶᠢᠨ ᠨᠡᠶᠢᠯᠡᠮᠡᠯ ᠬᠦᠴᠦᠨ ᠢ | ᠪᠦᠷᠢᠯᠳᠦᠭᠦᠯᠪᠡ᠃ | | | | | ᠣᠶᠢᠷ᠎ᠠ ᠶᠢᠨ ᠵᠢᠯ ᠳᠤ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | ᠤᠯᠤᠰ ᠤᠨ ᠡᠮ ᠤᠨ ᠵᠦᠢᠯᠡᠰ ᠤᠨ ᠬᠡᠯᠡᠯᠴᠡᠭᠡ ᠬᠢᠬᠦ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ | ᠨᠡᠶᠢᠲᠡ 900 ᠲᠦᠮᠡᠨ ᠬᠥᠮᠥᠨ ᠤᠳᠠᠭ᠎ᠠ ᠳᠤ 60 ᠳ᠋ᠦᠩᠰᠢᠭᠤᠷ ᠲᠥᠭᠦᠷᠢᠭ ᠤᠨ ᠳᠠᠷᠤᠭᠠᠰᠤ ᠶᠢ ᠬᠥᠩᠭᠡᠷᠡᠭᠦᠯᠵᠦ | ᠥᠭᠭᠦᠭᠰᠡᠨ ᠪᠠᠶᠢᠨ᠎ᠠ᠃ ᠰᠢᠨ᠎ᠡ ᠬᠡᠪᠯᠡᠯ ᠤᠨ ᠡᠮ ᠤᠨ ᠭᠠᠷᠴᠠᠭ ᠢ ᠨᠠᠶᠢᠳᠠᠪᠤᠷᠢᠵᠢᠭᠤᠯᠤᠨ ᠬᠡᠷᠡᠭᠵᠢᠭᠦᠯᠬᠦ ᠨᠢ | ᠪᠠᠲᠤᠯᠠᠭ᠎ᠠ ᠶᠢᠨ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠣᠯᠠᠨ ᠲᠦᠮᠡᠨ ᠤ ᠡᠮ ᠡᠮᠨᠡᠯᠭᠡ ᠶᠢᠨ | ᠳᠠᠭᠠᠳᠬᠠᠯ ᠤᠨ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠭᠦ ᠪᠣᠯᠣᠨ᠎ᠠ᠃ | | | | | ᠢᠷᠡᠯᠲᠡ᠄ ᠲᠠᠯ᠎ᠠ ᠨᠤᠲᠤᠭ ᠤᠨ ᠡᠭᠦᠯᠡ ᠰᠢᠯᠵᠢᠶ᠎ᠡ | |