| | | ᠨᠢᠭᠡ᠂ ᠲᠤᠭᠤᠷᠪᠢᠭᠰᠠᠨ ᠠᠬᠤᠢ ᠪᠠᠶᠢᠳᠠᠯ ᠪᠠ ᠴᠢᠬᠤᠯᠠ ᠴᠢᠨᠠᠷ | | | ︵ᠨᠢᠭᠡ︶ ᠤᠰᠤᠨ ᠤ ᠪᠣᠬᠢᠷᠲᠤᠯ ᠤᠨ ᠰᠡᠷᠭᠡᠶᠢᠯᠡᠨ ᠵᠠᠰᠠᠯᠲᠠ ᠶᠢ ᠬᠡᠷᠡᠭᠵᠢᠭᠦᠯᠵᠦ᠂ ᠪᠣᠬᠢᠷ ᠤᠰᠤ ᠶᠢ ᠡᠬᠢ | ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠬᠤ ᠬᠡᠷᠡᠭᠴᠡᠭᠡ᠃ ︽ᠥᠪᠥᠷ ᠮᠣᠩᠭᠤᠯ ᠤᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ | ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠲᠥᠷᠥ ᠲᠠᠷᠬᠠᠭᠠᠭᠰᠠᠨ ﹇ 2023﹈ | 16 ᠳ᠋ᠤᠭᠠᠷ ᠲᠣᠭᠠᠲᠤ︶ ᠳᠤ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠭᠦᠨᠵᠡᠭᠡᠢ | ᠥᠷᠨᠢᠭᠦᠯᠵᠦ᠂ ᠬᠥᠬᠡ ᠲᠡᠭᠷᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠤ ᠢᠯᠠᠯᠲᠠ ᠶᠢ | ᠡᠷᠡᠰ ᠲᠡᠮᠡᠴᠡᠨ ᠣᠯᠬᠤ ᠬᠡᠷᠡᠭᠲᠡᠢ ᠭᠡᠵᠦ ᠳᠤᠷᠠᠳᠪᠠ᠃ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ | ᠤᠰᠤ ᠰᠢᠢᠳᠪᠦᠷᠢᠯᠡᠬᠦ ᠪᠣᠯ ᠤᠰᠤᠨ ᠤ ᠪᠣᠬᠢᠷᠲᠤᠯ ᠢ ᠰᠡᠷᠭᠡᠶᠢᠯᠡᠨ ᠵᠠᠰᠠᠬᠤ ᠶᠢᠨ ᠴᠢᠬᠤᠯᠠ ᠠᠭᠤᠯᠭ᠎ᠠ ᠮᠥᠨ᠂ | ︽ᠠᠷᠭ᠎ᠠ︾ ᠶᠢ ᠲᠣᠭᠲᠠᠭᠠᠭᠰᠠᠨ ᠨᠢ ᠤᠯᠤᠰ ᠤᠨ ᠲᠥᠷᠥ ᠶᠢᠨ ᠪᠣᠳᠣᠯᠭ᠎ᠠ ᠯᠤᠭ᠎ᠠ ᠶᠢᠨ ᠵᠣᠯᠭᠠᠯᠴᠠᠭ᠎ᠠ ᠶᠢ ᠤᠯᠠᠮ ᠨᠢᠭᠡ | ᠠᠯᠬᠤᠮ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ | ᠤᠰᠤ ᠬᠤᠷᠢᠶᠠᠨ ᠴᠤᠭᠯᠠᠭᠤᠯᠵᠤ ᠰᠢᠢᠳᠪᠦᠷᠢᠯᠡᠬᠦ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠦᠨ᠂ ᠬᠤᠲᠠ ᠪᠠᠯᠭᠠᠰᠤᠨ ᠤ | ᠪᠣᠬᠢᠷ ᠤᠰᠤ ᠶᠢ ᠠᠮᠤᠷ ᠲᠦᠪᠰᠢᠨ ᠪᠥᠭᠡᠳ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨ ᠬᠦ ᠪᠠᠲᠤᠯᠠᠵᠤ | ᠴᠢᠳᠠᠨ᠎ᠠ᠃ | | | ︵ᠬᠤᠶᠠᠷ︶ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢ ᠵᠢᠷᠤᠮᠵᠢᠭᠤᠯᠤᠨ᠂ ᠬᠤᠲᠠ ᠪᠠᠯᠭᠠᠰᠤᠨ ᠤ | ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠴᠡᠭᠡ᠃ ᠬᠤᠲᠠ | ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠪᠣᠯ ᠬᠤᠲᠠ ᠶᠢᠨ ᠶᠠᠪᠤᠳᠠᠯ ᠤᠨ | ᠨᠡᠶᠢᠲᠡ ᠶᠢᠨ ᠬᠡᠷᠡᠭᠯᠡᠭᠡᠨ ᠤ ᠦᠢᠯᠡᠰ ᠪᠠ ᠬᠤᠲᠠ ᠪᠠᠯᠭᠠᠰᠤᠵᠢᠯᠲᠠ ᠶᠢᠨ ᠪᠦᠲᠦᠭᠡᠨ ᠪᠠᠶᠢᠭᠤᠯᠤᠯᠲᠠ ᠶᠢᠨ ᠴᠢᠬᠤᠯᠠ | ᠪᠦᠷᠢᠯᠳᠦᠭᠦᠨ ᠬᠡᠰᠡᠭ ᠪᠠᠶᠢᠵᠤ᠂ ᠬᠤᠲᠠ ᠪᠠᠯᠭᠠᠰᠤᠨ ᠤ ᠵᠠᠰᠠᠯᠲᠠ ᠶᠢᠨ ᠲᠣᠭᠲᠠᠯᠴᠠᠭ᠎ᠠ ᠪᠠ ᠵᠠᠰᠠᠯᠲᠠ ᠶᠢᠨ | ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ ᠳᠤ ᠴᠢᠬᠤᠯᠠ ᠦᠢᠯᠡᠳᠦᠯ ᠲᠠᠢ ᠶᠤᠮ᠃ ︽ᠠᠷᠭ᠎ᠠ︾ ᠶᠢ | ᠨᠡᠶᠢᠲᠡᠯᠡᠭᠰᠡᠨ ᠨᠢ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ | ᠲᠥᠯᠦᠪᠵᠢᠭᠦᠯᠭᠡ᠂ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠤᠰᠤ ᠲᠠᠲᠠᠷᠠᠭᠤᠯᠬᠤ | ᠪᠠ ᠪᠣᠬᠢᠷ ᠤᠰᠤ ᠰᠢᠢᠳᠪᠦᠷᠢᠯᠡᠬᠦ ᠬᠠᠭᠤᠴᠢᠨ ᠪᠡᠯᠡᠳᠬᠡᠮᠵᠢ ᠶᠢᠨ ᠰᠢᠨᠡᠴᠢᠯᠡᠯᠲᠡ ᠶᠢ ᠠᠬᠢᠭᠤᠯᠵᠤ᠂ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠰᠢᠰᠲ᠋ᠧᠮᠲᠦ ᠴᠢᠨᠠᠷ ᠢ ᠴᠢᠩᠭᠠᠷᠠᠭᠤᠯᠤᠨ᠂ ᠤᠰᠤᠳᠤᠯ ᠢ ᠰᠡᠷᠭᠡᠶᠢᠯᠡᠨ ᠵᠠᠰᠠᠬᠤ ᠪᠠ | ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ | ᠴᠢᠳᠠᠨ᠎ᠠ᠃ | | | ︵ᠭᠤᠷᠪᠠ︶ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠶᠢ ᠰᠢᠢᠳᠪᠦᠷᠢᠯᠡᠵᠦ ᠪᠣᠬᠢᠷᠲᠤᠯ ᠢ | ᠪᠠᠭᠠᠰᠬᠠᠨ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠶᠢ ᠠᠬᠢᠭᠤᠯᠵᠤ᠂ ᠬᠠᠮᠵᠢᠯᠴᠠᠨ ᠦᠷ᠎ᠡ ᠠᠰᠢᠭ ᠨᠡᠮᠡᠭᠳᠡᠭᠦᠯᠬᠦ | ᠬᠡᠷᠡᠭᠴᠡᠭᠡ᠃ ᠣᠳᠣᠬᠠᠨ ᠳᠤ᠂ ᠮᠠᠨ ᠤ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠦᠲᠦᠭᠡᠨ ᠪᠠᠶᠢᠭᠤᠯᠤᠯᠲᠠ ᠨᠢ | ᠨᠡᠭᠦᠷᠡᠰᠦᠲᠥ᠋ᠷᠥᠭᠴᠢ ᠶᠢ ᠪᠠᠭᠤᠷᠠᠭᠤᠯᠬᠤ ᠪᠠᠷ ᠭᠤᠣᠯᠳᠠᠯᠭ᠎ᠠ ᠲᠠᠢ ᠪᠠᠶᠢᠯᠳᠤᠬᠤ ᠪᠣᠳᠣᠯᠭ᠎ᠠ ᠶᠢᠨ ᠴᠢᠭᠯᠡᠯ ᠪᠣᠯᠭᠠᠭᠰᠠᠨ᠂ | ᠪᠣᠬᠢᠷᠲᠤᠯ ᠢ ᠪᠠᠭᠠᠰᠬᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠤᠨ ᠬᠠᠮᠵᠢᠯᠴᠠᠨ ᠦᠷ᠎ᠡ ᠠᠰᠢᠭ ᠨᠡᠮᠡᠭᠳᠡᠭᠦᠯᠬᠦ ᠶᠢ | ᠠᠬᠢᠭᠤᠯᠬᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠪᠠᠷ ᠬᠡᠯᠪᠡᠷᠢ ᠪᠠᠨ | ᠬᠤᠪᠢᠷᠠᠭᠤᠯᠬᠤ ᠶᠢ ᠠᠬᠢᠭᠤᠯᠬᠤ᠂ ᠠᠮᠢ ᠠᠬᠤᠢ ᠣᠷᠴᠢᠨ ᠲᠣᠭᠤᠷᠢᠨ ᠤ ᠶᠠᠰᠤ ᠴᠢᠨᠠᠷ ᠤᠨ ᠰᠠᠶᠢᠵᠢᠷᠠᠯᠲᠠ ᠶᠢ | ᠲᠣᠭᠠᠨ ᠤ ᠬᠤᠪᠢᠷᠠᠯᠲᠠ ᠠᠴᠠ ᠴᠢᠨᠠᠷ ᠤᠨ ᠬᠤᠪᠢᠷᠠᠯᠲᠠ ᠳᠤ ᠬᠦᠷᠭᠡᠬᠦ ᠵᠠᠩᠭᠢᠯᠠᠭ᠎ᠠ ᠶᠢᠨ ᠴᠠᠭ ᠦᠶ᠎ᠡ ᠳᠤ ᠣᠷᠣᠪᠠ᠃ | ᠪᠣᠬᠢᠷ ᠤᠰᠤ ᠰᠢᠢᠳᠪᠦᠷᠢᠯᠡᠬᠦ ᠪᠣᠯ ᠪᠣᠬᠢᠷᠲᠤᠯ ᠢ ᠰᠡᠷᠭᠡᠶᠢᠯᠡᠨ ᠵᠠᠰᠠᠬᠤ ᠰᠢᠪᠲᠤᠯᠤᠯᠲᠠ ᠶᠢᠨ ᠳᠠᠶᠢᠯᠠᠯᠳᠤᠭᠠᠨ ᠢ | ᠭᠦᠨᠵᠡᠭᠡᠢ ᠰᠠᠶᠢᠲᠤᠷ ᠬᠢᠬᠦ ᠶᠢᠨ ᠴᠢᠬᠤᠯᠠ ᠭᠠᠷᠳᠠᠴᠠ ᠪᠣᠯᠬᠤ ᠮᠥᠷᠲᠡᠭᠡᠨ ᠬᠦᠯᠡᠮᠵᠢ ᠶᠢᠨ ᠬᠡᠢ ᠪᠡᠶᠡᠲᠦ ᠶᠢᠨ | ᠭᠠᠳᠠᠭᠰᠢᠯᠠᠭᠤᠯᠤᠯᠲᠠ ᠶᠢ ᠪᠠᠭᠠᠰᠬᠠᠬᠤ ᠶᠢ ᠠᠬᠢᠭᠤᠯᠬᠤ ᠶᠢᠨ ᠴᠢᠬᠤᠯᠠ ᠬᠦᠷᠢᠶ᠎ᠡ ᠪᠣᠯᠣᠨ᠎ᠠ᠃ ︽ ᠠᠷᠭ᠎ᠠ︾ ᠶᠢ | ᠲᠣᠭᠲᠠᠭᠠᠭᠰᠠᠨ ᠨᠢ ᠭᠤᠣᠯᠳᠠᠯᠭ᠎ᠠ ᠲᠠᠢ ᠪᠠᠷ ᠡᠨᠧᠷᠭᠢ ᠬᠡᠷᠡᠭᠯᠡᠬᠦ ᠲᠥᠬᠦᠭᠡᠷᠦᠮᠵᠢ ᠶᠢ ᠡᠨᠧᠷᠭᠢ ᠠᠷᠪᠢᠯᠠᠬᠤ | ᠲᠥᠬᠦᠭᠡᠷᠦᠮᠵᠢ ᠪᠣᠯᠭᠠᠨ ᠥᠭᠡᠷᠡᠴᠢᠯᠡᠨ ᠰᠢᠨᠡᠳᠬᠡᠬᠦ ᠶᠢ ᠤᠯᠠᠮ ᠨᠢᠭᠡ ᠠᠯᠬᠤᠮ ᠠᠬᠢᠭᠤᠯᠵᠤ᠂ ᠪᠣᠬᠢᠷ ᠰᠢᠪᠠᠷ᠂ ᠪᠣᠬᠢᠷ | ᠤᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ ᠴᠢᠳᠠᠨ᠎ᠠ᠃ | | | | | ᠬᠤᠶᠠᠷ᠂ ᠭᠤᠣᠯ ᠠᠭᠤᠯᠭ᠎ᠠ | | | ︽ᠠᠷᠭ᠎ᠠ︾ ᠳᠤ ᠨᠡᠶᠢᠲᠡ 39 ᠵᠦᠢᠯ ᠪᠠᠶᠢᠨ᠎ᠠ᠃ ᠭᠤᠣᠯ ᠠᠭᠤᠯᠭ᠎ᠠ ᠨᠢ ᠳᠣᠣᠷᠠᠬᠢ ᠮᠡᠲᠦ᠄ | | | ︵ᠨᠢᠭᠡ︶ ᠲᠣᠬᠢᠷᠠᠬᠤ ᠬᠡᠪᠴᠢᠶ᠎ᠡ ᠬᠢᠭᠡᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ᠃ ︽ᠠᠷᠭ᠎ᠠ︾ | ᠳᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠪᠠ ᠬᠤᠰᠢᠭᠤ ᠰᠢᠶᠠᠨ ᠤ | ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ | ᠪᠣᠬᠢᠷ ᠤᠰᠤ ᠰᠢᠢᠳᠪᠦᠷᠢᠯᠡᠬᠦ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠪᠤᠰᠤᠳ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠠᠵᠢᠯ ᠤᠨ ᠡᠭᠦᠷᠭᠡ ᠬᠠᠷᠢᠭᠤᠴᠠᠯᠭ᠎ᠠ᠂ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ | ᠪᠣᠬᠢᠷ ᠤᠰᠤ ᠰᠢᠢᠳᠪᠦᠷᠢᠯᠡᠬᠦ ᠠᠵᠢᠯ ᠤᠨ ᠵᠠᠷᠴᠢᠮ᠂ ᠪᠡᠯᠡ ᠮᠥᠩᠭᠦᠨ ᠤ ᠪᠠᠲᠤᠯᠠᠭ᠎ᠠ ᠶᠢᠨ ᠠᠷᠭ᠎ᠠ ᠬᠡᠮᠵᠢᠶ᠎ᠡ ᠵᠡᠷᠭᠡ | ᠠᠭᠤᠯᠭ᠎ᠠ ᠶᠢ ᠲᠣᠳᠣᠷᠬᠠᠶᠢᠯᠠᠪᠠ᠃ | | | ︵ᠬᠤᠶᠠᠷ︶ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠲᠥᠯᠦᠪᠵᠢᠭᠦᠯᠭᠡ | ᠪᠦᠲᠦᠭᠡᠨ ᠪᠠᠶᠢᠭᠤᠯᠤᠯᠲᠠ ᠶᠢᠨ ᠲᠤᠬᠠᠢ᠃ ︽ᠠᠷᠭ᠎ᠠ︾ ᠳᠤ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ | ᠤᠰᠤ ᠰᠢᠢᠳᠪᠦᠷᠢᠯᠡᠬᠦ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠭᠤᠣᠯ ᠴᠣᠭᠴᠠ᠂ ᠲᠠᠰ ᠳᠠᠷᠠᠭᠠᠯᠠᠯ ᠵᠢᠴᠢ | ᠠᠭᠤᠯᠭ᠎ᠠ ᠶᠢ ᠲᠣᠳᠣᠷᠬᠠᠶᠢᠯᠠᠪᠠ᠃ ᠬᠤᠭᠤᠯᠠᠢ ᠶᠢᠨ ᠲᠣᠣᠷ᠂ ᠬᠥᠭᠡᠷᠭᠡ ᠶᠢᠨ ᠦᠷᠳᠡᠭᠡ᠂ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ ᠵᠢᠴᠢ ᠪᠣᠬᠢᠷ ᠰᠢᠪᠠᠷ ᠰᠢᠢᠳᠪᠦᠷᠢᠯᠡᠬᠦ᠂ ᠳᠠᠬᠢᠯᠲᠠ ᠤᠰᠤ ᠶᠢ ᠠᠰᠢᠭᠯᠠᠬᠤ᠂ ᠪᠣᠷᠣᠭᠠᠨ ᠤ ᠤᠰᠤ ᠶᠢ | ᠲᠣᠬᠢᠷᠠᠭᠤᠯᠤᠨ ᠬᠠᠳᠠᠭᠠᠯᠠᠬᠤ ᠪᠠ ᠭᠠᠳᠠᠭᠰᠢᠯᠠᠭᠤᠯᠬᠤ ᠵᠡᠷᠭᠡ ᠤᠰᠤ ᠲᠠᠲᠠᠷᠠᠭᠤᠯᠬᠤ ᠪᠠ ᠪᠣᠬᠢᠷ ᠤᠰᠤ | ᠰᠢᠢᠳᠪᠦᠷᠢᠯᠡᠬᠦ ᠪᠡᠯᠡᠳᠬᠡᠮᠵᠢ ᠶᠢ ᠪᠦᠲᠦᠭᠡᠨ ᠪᠠᠶᠢᠭᠤᠯᠬᠤ ᠪᠠ ᠥᠭᠡᠷᠡᠴᠢᠯᠡᠨ ᠰᠢᠨᠡᠳᠬᠡᠬᠦ ᠶᠢ ᠨᠢᠭᠡᠳᠦᠯᠲᠡᠢ ᠲᠥᠯᠥᠪᠯᠡᠨ | ᠲᠣᠬᠢᠷᠠᠭᠤᠯᠬᠤ ᠶᠢ ᠱᠠᠭᠠᠷᠳᠠᠪᠠ᠃ ᠬᠤᠲᠠ ᠶᠢᠨ ᠵᠠᠮ ᠢ ᠲᠦᠰᠢᠭᠯᠡᠨ ᠬᠤᠲᠠ ᠪᠠᠯᠭᠠᠰᠤᠨ ᠤ ᠤᠰᠤ ᠲᠠᠲᠠᠷᠠᠭᠤᠯᠬᠤ | ᠪᠡᠯᠡᠳᠬᠡᠮᠵᠢ ᠪᠠᠶᠢᠭᠤᠯᠬᠤ ᠳᠤ᠂ ᠬᠤᠲᠠ ᠶᠢᠨ ᠵᠠᠮ ᠬᠠᠷᠢᠯᠴᠠᠭᠠᠨ ᠤ ᠶᠡᠷᠦᠩᠬᠡᠶᠢᠯᠡᠭᠰᠡᠨ ᠲᠣᠭᠲᠠᠯᠴᠠᠭᠠᠨ ᠤ | ᠲᠥᠯᠦᠪᠵᠢᠭᠦᠯᠭᠡ ᠪᠣᠯᠣᠨ ᠣᠨ ᠤ ᠪᠦᠲᠦᠭᠡᠨ ᠪᠠᠶᠢᠭᠤᠯᠤᠯᠲᠠ ᠶᠢᠨ ᠲᠥᠯᠥᠪᠯᠡᠭᠡ ᠯᠦᠭᠡ ᠵᠣᠬᠢᠴᠠᠭᠤᠯᠵᠤ᠂ | ᠬᠤᠲᠠ ᠶᠢᠨ ᠶᠠᠪᠤᠳᠠᠯ ᠤᠨ ᠵᠠᠮ ᠯᠤᠭ᠎ᠠ ᠵᠡᠷᠭᠡ ᠳᠤ ᠨᠢ ᠪᠦᠲᠦᠭᠡᠨ ᠪᠠᠶᠢᠭᠤᠯᠬᠤ ᠬᠡᠷᠡᠭᠲᠡᠢ᠃ ᠤᠰᠤᠲᠤᠯ ᠬᠢᠯᠪᠠᠷᠬᠠᠨ | ᠡᠭᠦᠰᠬᠦ ᠭᠠᠵᠠᠷ ᠣᠷᠣᠨ ᠤ ᠭᠠᠵᠠᠷ ᠳᠣᠣᠷᠠᠬᠢ ᠪᠠᠷᠢᠯᠭ᠎ᠠ᠂ ᠪᠠᠷᠢᠯᠭ᠎ᠠ ᠶᠢᠨ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠶᠠᠪᠤᠴᠠ ᠳᠤ᠂ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ | ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠪᠠᠨ ᠳᠡᠭᠡᠭᠰᠢᠯᠡᠭᠦᠯᠵᠦ᠂ ᠬᠢᠯᠪᠠᠷᠬᠠᠨ ᠤᠰᠤᠲᠤᠬᠤ ᠣᠷᠣᠨ ᠤ ᠤᠰᠤ | ᠲᠠᠲᠠᠷᠠᠭᠤᠯᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠪᠣᠯᠣᠨ ᠥᠭᠡᠷᠡᠴᠢᠯᠡᠯᠲᠡ ᠶᠢ ᠡᠩ ᠲᠡᠷᠢᠭᠦᠨ ᠳᠤ | ᠲᠣᠬᠢᠷᠠᠭᠤᠯᠬᠤ ᠬᠡᠷᠡᠭᠲᠡᠢ᠃ | | | ︵ᠭᠤᠷᠪᠠ︶ ᠬᠤᠲᠠ ᠪᠠᠯᠭᠠᠰᠤᠨ ᠤ ᠤᠰᠤ ᠲᠠᠲᠠᠷᠠᠭᠤᠯᠬᠤ ᠬᠤᠯᠪᠣᠭᠳᠠᠯ ᠪᠦᠬᠦᠢ ᠱᠠᠭᠠᠷᠳᠠᠯᠭ᠎ᠠ ᠶᠢᠨ ᠲᠤᠬᠠᠢ᠃ | ︽ᠠᠷᠭ᠎ᠠ︾ ᠳᠤ ᠠᠵᠤ ᠦᠢᠯᠡᠳᠪᠦᠷᠢ᠂ ᠪᠠᠷᠢᠯᠭ᠎ᠠ᠂ ᠢᠳᠡᠭᠡᠨ ᠤᠮᠳᠠᠭᠠᠨ᠂ ᠡᠮ ᠡᠮᠨᠡᠯᠭᠡ ᠵᠡᠷᠭᠡ ᠠᠵᠢᠯᠯᠠᠭ᠎ᠠ ᠡᠷᠭᠢᠯᠡᠵᠦ | ᠪᠠᠶᠢᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ | ᠡᠷᠦᠬᠡ ᠨᠦᠭᠦᠳ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠡᠯᠡᠳᠬᠡᠮᠵᠢ ᠳᠤ ᠪᠣᠬᠢᠷ ᠤᠰᠤ ᠭᠠᠳᠠᠭᠰᠢᠯᠠᠭᠤᠯᠬᠤ | ᠭᠡᠪᠡᠯ ᠤᠰᠤ ᠲᠠᠲᠠᠷᠠᠭᠤᠯᠬᠤ ᠦᠢᠯᠡ ᠠᠵᠢᠯᠯᠠᠭ᠎ᠠ ᠡᠭᠦᠰᠦᠭᠰᠡᠨ ᠭᠠᠵᠠᠷ ᠤᠨ ᠬᠤᠲᠠ ᠪᠠᠯᠭᠠᠰᠤᠨ ᠤ ᠤᠰᠤ | ᠲᠠᠲᠠᠷᠠᠭᠤᠯᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠪᠣᠬᠢᠷ ᠤᠰᠤ ᠲᠠᠲᠠᠷᠠᠭᠤᠯᠬᠤ ᠬᠤᠭᠤᠯᠠᠢ ᠶᠢᠨ | ᠲᠣᠣᠷ ᠲᠤ ᠪᠣᠬᠢᠷ ᠤᠰᠤ ᠭᠠᠳᠠᠭᠰᠢᠯᠠᠭᠤᠯᠬᠤ ᠵᠥᠪᠰᠢᠶᠡᠷᠡᠯ ᠠᠪᠬᠤ ᠬᠡᠷᠡᠭᠲᠡᠢ᠃ ᠬᠤᠲᠠ ᠪᠠᠯᠭᠠᠰᠤᠨ ᠳᠤ ᠤᠰᠤ | ᠲᠠᠲᠠᠷᠠᠭᠤᠯᠬᠤ ᠪᠡᠯᠡᠳᠬᠡᠮᠵᠢ ᠳᠤ ᠠᠵᠤ ᠦᠢᠯᠡᠳᠪᠦᠷᠢ ᠶᠢᠨ ᠬᠠᠶᠠᠭᠳᠠᠮᠠᠯ ᠤᠰᠤ ᠶᠢ ᠭᠠᠳᠠᠭᠰᠢᠯᠠᠭᠤᠯᠬᠤ ᠭᠡᠪᠡᠯ | ᠤᠯᠤᠰ ᠤᠨ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠤᠷᠢᠳᠴᠢᠯᠠᠨ | ᠰᠢᠢᠳᠪᠦᠷᠢᠯᠡᠵᠦ᠂ ᠬᠤᠲᠠ ᠪᠠᠯᠭᠠᠰᠤᠨ ᠤ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢᠨ ᠰᠢᠢᠳᠪᠦᠷᠢᠯᠡᠬᠦ | ᠮᠡᠷᠭᠡᠵᠢᠯ ᠤᠨ ᠱᠠᠭᠠᠷᠳᠠᠯᠭ᠎ᠠ ᠳᠤ ᠬᠦᠷᠪᠡᠰᠦ ᠭᠠᠳᠠᠭᠰᠢᠯᠠᠭᠤᠯᠵᠤ ᠪᠣᠯᠣᠨ᠎ᠠ᠃ | | | ︵ᠳᠥᠷᠪᠡ︶ ᠪᠣᠬᠢᠷ ᠤᠰᠤ ᠰᠢᠢᠳᠪᠦᠷᠢᠯᠡᠬᠦ ᠬᠤᠯᠪᠣᠭᠳᠠᠯ ᠪᠦᠬᠦᠢ ᠱᠠᠭᠠᠷᠳᠠᠯᠭ᠎ᠠ ᠶᠢᠨ ᠲᠤᠬᠠᠢ᠃ ︽ᠠᠷᠭ᠎ᠠ︾ | ᠳᠤ ᠬᠤᠲᠠ ᠪᠠᠯᠭᠠᠰᠤᠨ ᠤ ᠤᠰᠤ ᠲᠠᠲᠠᠷᠠᠭᠤᠯᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠰᠢᠭᠯᠠᠮᠵᠢ ᠪᠠᠷ | ᠰᠦᠢᠳᠬᠡᠯ ᠬᠤᠷᠢᠶᠠᠬᠤ ᠡᠵᠡᠩᠨᠡᠨ ᠠᠵᠢᠯᠯᠠᠭᠤᠯᠬᠤ ᠬᠡᠪ ᠵᠠᠭᠪᠤᠷ ᠢ ᠬᠡᠷᠡᠭᠵᠢᠭᠦᠯᠵᠦ᠂ ᠬᠤᠲᠠ ᠪᠠᠯᠭᠠᠰᠤᠨ ᠤ ᠪᠣᠬᠢᠷ | ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠨ ᠡᠵᠡᠩᠨᠡᠬᠦ ᠨᠢᠭᠡᠴᠢ ᠨᠦᠭᠦᠳ ᠢ ᠵᠣᠷᠢᠭᠵᠢᠭᠤᠯᠵᠤ ᠪᠠᠶᠢᠭᠠᠳ | ᠳᠡᠭᠡᠳᠦ ᠤᠷᠤᠰᠬᠠᠯ ᠤᠨ ᠦᠢᠯᠡᠳᠪᠦᠷᠢᠯᠡᠯ ᠤᠨ ᠠᠵᠤ ᠠᠬᠤᠶᠢᠯᠠᠯ ᠤᠨ ᠵᠠᠳᠠᠷᠠᠬᠤᠶᠢᠴᠠ ᠴᠢᠨᠠᠷ ᠢᠶᠠᠷ ᠴᠢᠩᠭ᠎ᠠ ᠪᠦᠬᠦᠢ | ᠪᠣᠬᠢᠷ ᠤᠰᠤ ᠶᠢ ᠳᠣᠣᠷᠠᠳᠤ ᠤᠷᠤᠰᠬᠠᠯ ᠤᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠨᠡᠭᠦᠷᠡᠰᠦᠲᠥ᠋ᠷᠥᠭᠴᠢ | ᠬᠤᠷᠠᠭᠤᠯᠬᠤ ᠶᠢᠨ ᠡᠭᠦᠰᠪᠦᠷᠢ ᠪᠣᠯᠭᠠᠵᠤ ᠨᠥᠬᠦᠪᠦᠷᠢᠯᠡᠬᠦ ᠪᠠᠷ ᠱᠠᠭᠠᠷᠳᠠᠪᠠ᠃ ᠡᠬᠢ ᠪᠠᠶᠠᠯᠢᠭ ᠢᠯᠴᠢ ᠶᠢᠨ ᠴᠠᠬᠢᠯᠭᠠᠨ ᠤ | ᠦᠢᠯᠡᠳᠪᠦᠷᠢ᠂ ᠱᠦᠢᠨᠢ ᠶᠢᠨ ᠦᠢᠯᠡᠳᠪᠦᠷᠢ᠂ ᠨᠡᠭᠦᠷᠡᠰᠦ ᠰᠢᠲᠠᠭᠠᠬᠤ ᠴᠠᠬᠢᠯᠭᠠᠨ ᠤ ᠦᠢᠯᠡᠳᠪᠦᠷᠢ ᠪᠠᠶᠢᠭ᠎ᠠ | ᠭᠠᠵᠠᠷ ᠤᠨ ᠢᠶᠠᠨ ᠪᠣᠬᠢᠷ ᠰᠢᠪᠠᠷ ᠢ ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ᠂ ᠪᠣᠬᠢᠷ ᠰᠢᠪᠠᠷ ᠢ ᠰᠢᠲᠠᠭᠠᠵᠤ | ᠰᠢᠢᠳᠪᠦᠷᠢᠯᠡᠬᠦ ᠪᠡᠯᠡᠳᠬᠡᠮᠵᠢ ᠲᠣᠬᠢᠷᠠᠭᠤᠯᠵᠤ᠂ ᠪᠣᠬᠢᠷ ᠰᠢᠪᠠᠷ ᠢ ᠬᠠᠮᠵᠢᠯᠴᠠᠨ ᠰᠢᠲᠠᠭᠠᠵᠤ ᠰᠢᠢᠳᠪᠦᠷᠢᠯᠡᠬᠦ | ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠵᠣᠷᠢᠭᠵᠢᠭᠤᠯᠤᠨ᠎ᠠ᠃ ᠤᠰᠤᠨ ᠤ ᠶᠠᠪᠤᠳᠠᠯ ᠤᠨ ᠵᠠᠰᠠᠭ ᠵᠠᠬᠢᠷᠭᠠᠨ ᠤ | ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠳᠠᠬᠢᠯᠲᠠ ᠤᠰᠤ ᠶᠢ ᠲᠤᠰ ᠵᠠᠰᠠᠭ ᠵᠠᠬᠢᠷᠭᠠᠨ ᠤ ᠣᠷᠣᠨ ᠤ ᠪᠠᠨ | ᠤᠰᠤᠨ ᠤ ᠡᠬᠢ ᠪᠠᠶᠠᠯᠢᠭ ᠤᠨ ᠨᠢᠭᠡᠳᠦᠯᠲᠡᠢ ᠲᠣᠬᠢᠷᠠᠭᠤᠯᠤᠯᠲᠠ ᠳᠤ ᠣᠷᠣᠭᠤᠯᠵᠤ᠂ ᠳᠠᠬᠢᠯᠲᠠ ᠤᠰᠤᠨ ᠤ | ᠠᠰᠢᠭᠯᠠᠮᠵᠢ ᠶᠢ ᠠᠬᠢᠭᠤᠯᠬᠤ ᠶᠢ ᠱᠠᠭᠠᠷᠳᠠᠪᠠ᠃ | | | ︵ᠲᠠᠪᠤ︶ ᠪᠡᠯᠡᠳᠬᠡᠮᠵᠢ ᠶᠢ ᠬᠠᠮᠠᠭᠠᠯᠠᠵᠤ ᠬᠠᠮᠢᠶᠠᠷᠬᠤ ᠱᠠᠭᠠᠷᠳᠠᠯᠭ᠎ᠠ ᠶᠢᠨ ᠲᠤᠬᠠᠢ᠃ ︽ᠠᠷᠭ᠎ᠠ︾ ᠳᠤ ᠬᠤᠲᠠ | ᠪᠠᠯᠭᠠᠰᠤᠨ ᠤ ᠤᠰᠤ ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠬᠤ ᠭᠤᠣᠯ | ᠴᠣᠭᠴᠠ᠂ ᠵᠠᠭᠠᠭ ᠬᠢᠵᠠᠭᠠᠷ᠂ ᠠᠵᠢᠯᠯᠠᠭᠤᠯᠤᠨ ᠬᠠᠮᠠᠭᠠᠯᠠᠬᠤ ᠠᠭᠤᠯᠭ᠎ᠠ ᠪᠠ ᠱᠠᠭᠠᠷᠳᠠᠯᠭ᠎ᠠ ᠶᠢ ᠲᠣᠳᠣᠷᠬᠠᠶᠢᠯᠠᠪᠠ᠃ | ᠬᠤᠲᠠ ᠪᠠᠯᠭᠠᠰᠤᠨ ᠤ ᠤᠰᠤ ᠲᠠᠲᠠᠷᠠᠭᠤᠯᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠯᠪᠣᠭᠳᠠᠯ | ᠪᠦᠬᠦᠢ ᠰᠠᠯᠠᠭ᠎ᠠ ᠮᠥᠴᠢᠷ ᠯᠦᠭᠡ ᠬᠠᠮᠲᠤᠷᠠᠨ ᠬᠤᠲᠠ ᠪᠠᠯᠭᠠᠰᠤᠨ ᠤ ᠤᠰᠤ ᠲᠠᠲᠠᠷᠠᠭᠤᠯᠬᠤ ᠪᠡᠯᠡᠳᠬᠡᠮᠵᠢ ᠶᠢᠨ | ᠲᠤᠰᠬᠠᠶᠢᠵᠢᠭᠰᠠᠨ ᠠᠵᠢᠯᠯᠠᠭᠠᠨ ᠢ ᠬᠠᠮᠠᠭᠠᠯᠠᠬᠤ ᠲᠣᠭᠲᠠᠴᠠ ᠶᠢ ᠪᠠᠶᠢᠭᠤᠯᠵᠤ᠂ ᠪᠣᠬᠢᠷ ᠤᠰᠤ ᠰᠢᠢᠳᠪᠦᠷᠢᠯᠡᠬᠦ | ᠦᠢᠯᠡᠳᠪᠦᠷᠢ᠂ ᠬᠤᠭᠤᠯᠠᠢ ᠶᠢᠨ ᠲᠣᠣᠷ᠂ ᠬᠥᠭᠡᠷᠭᠡ ᠶᠢᠨ ᠥᠷᠲᠡᠭᠡ᠂ ᠲᠣᠬᠢᠷᠠᠭᠤᠯᠤᠨ ᠬᠠᠳᠠᠭᠠᠯᠠᠬᠤ ᠴᠥᠭᠦᠷᠥᠮ ᠤᠨ | ᠬᠤᠯᠪᠣᠭᠠᠯᠠᠭᠰᠠᠨ ᠬᠠᠮᠠᠭᠠᠯᠠᠯᠲᠠ ᠶᠢ ᠬᠡᠷᠡᠭᠵᠢᠭᠦᠯᠵᠦ᠂ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ᠂ ᠲᠤᠰᠬᠠᠶᠢᠵᠢᠭᠰᠠᠨ | ᠠᠵᠢᠯᠯᠠᠭᠠᠨ ᠤ ᠬᠠᠮᠠᠭᠠᠯᠠᠯᠲᠠ ᠬᠡᠷᠡᠭᠵᠢᠭᠦᠯᠬᠦ ᠶᠢ ᠵᠣᠷᠢᠭᠵᠢᠭᠤᠯᠵᠤ᠂ ᠪᠣᠬᠢᠷ ᠤᠰᠤ ᠬᠤᠷᠢᠶᠠᠨ ᠴᠤᠭᠯᠠᠭᠤᠯᠵᠤ | ᠰᠢᠢᠳᠪᠦᠷᠢᠯᠡᠬᠦ ᠪᠡᠯᠡᠳᠬᠡᠮᠵᠢ ᠶᠢᠨ ᠰᠢᠰᠲ᠋ᠧᠮᠲᠦ ᠴᠢᠨᠠᠷ ᠪᠠ ᠪᠦᠷᠢᠨ ᠪᠦᠲᠦᠨ ᠴᠢᠨᠠᠷ ᠢ ᠪᠠᠲᠤᠯᠠᠬᠤ ᠶᠢ ᠱᠠᠭᠠᠷᠳᠠᠪᠠ᠃ | | | ︵ᠵᠢᠷᠭᠤᠭ᠎ᠠ︶ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢᠨ ᠲᠤᠬᠠᠢ᠃ ︽ᠠᠷᠭ᠎ᠠ︾ ᠳᠤ ᠢᠲᠡᠭᠡᠮᠵᠢ ᠶᠢᠨ | ᠬᠢᠨᠠᠯᠲᠠ ᠬᠠᠮᠢᠶᠠᠷᠤᠯᠲᠠ ᠶᠢ ᠴᠢᠬᠤᠯᠠᠴᠢᠯᠠᠵᠤ᠂ ᠤᠰᠤ ᠲᠠᠲᠠᠷᠠᠭᠤᠯᠬᠤ ᠡᠷᠦᠬᠡ᠂ ᠬᠤᠲᠠ ᠪᠠᠯᠭᠠᠰᠤᠨ ᠤ ᠤᠰᠤ | ᠲᠠᠲᠠᠷᠠᠭᠤᠯᠬᠤ ᠪᠠ ᠪᠣᠬᠢᠷ ᠤᠰᠤ ᠰᠢᠢᠳᠪᠦᠷᠢᠯᠡᠬᠦ ᠪᠡᠯᠡᠳᠬᠡᠮᠵᠢ ᠶᠢ ᠬᠠᠮᠠᠭᠠᠯᠠᠨ ᠡᠵᠡᠩᠨᠡᠬᠦ ᠨᠢᠭᠡᠴᠢ ᠵᠡᠷᠭᠡ ᠬᠢᠨᠠᠯᠲᠠ | ᠬᠠᠮᠢᠶᠠᠷᠤᠯᠲᠠ ᠶᠢᠨ ᠡᠲᠡᠭᠡᠳ ᠲᠤ ᠢᠲᠡᠭᠡᠮᠵᠢ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠢᠲᠡᠭᠡᠮᠵᠢ ᠲᠠᠢ ᠪᠠᠶᠢᠬᠤ ᠶᠢ | ᠨᠢ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠨᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ ᠶᠢ ᠬᠠᠤᠯᠢ ᠶᠣᠰᠣᠭᠠᠷ | ᠠᠪᠬᠤ ᠶᠢ ᠴᠢᠬᠤᠯᠠᠴᠢᠯᠠᠪᠠ᠃ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠲᠣᠰ ᠠᠷᠭ᠎ᠠ ᠶᠢ ᠵᠥᠷᠢᠴᠡᠭᠰᠡᠨ ᠦᠢᠯᠡ | ᠠᠵᠢᠯᠯᠠᠭ᠎ᠠ ᠶᠢ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠡᠷᠬᠡ ᠲᠠᠢ ᠪᠠᠶᠢᠵᠤ᠂ ᠬᠤᠲᠠ ᠪᠠᠯᠭᠠᠰᠤᠨ ᠤ ᠤᠰᠤ | ᠲᠠᠲᠠᠷᠠᠭᠤᠯᠬᠤ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠵᠠᠭᠠᠯᠳᠤᠵᠤ ᠢᠯᠡᠴᠢᠯᠡᠨ ᠮᠡᠳᠡᠭᠦᠯᠬᠦ ᠲᠣᠭᠲᠠᠴᠠ ᠪᠠᠨ | ᠪᠦᠷᠢᠨᠰᠢᠭᠦᠯᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢᠶᠠᠨ ᠨᠡᠶᠢᠲᠡᠯᠡᠬᠦ ᠶᠢᠨ ᠬᠠᠮᠲᠤ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢ ᠲᠣᠭᠲᠠᠭᠠᠪᠠ᠃ | |