ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2025/1/26
      1 ᠰᠠᠷ᠎ᠠ ᠶᠢᠨ 2 ᠤᠨ ᠡᠳᠦᠷ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠲᠣᠭᠤᠷᠢᠭ ᠤᠨ ᠵᠠᠰᠠᠭ ᠤᠨ ᠣᠷᠳᠣᠨ ᠤ 2025 ᠣᠨ ᠤ ᠠᠩᠬᠠᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ᠨᠢᠭᠡ᠂ 2024 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠦᠢᠯ ᠢ ᠪᠡᠶᠡᠯᠡᠭᠦᠯᠦᠭᠰᠡᠨ ᠪᠠᠶᠢᠳᠠᠯ ᠵᠢᠴᠢ 2025 ᠣᠨ ᠤ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠠᠵᠢᠯ ᠤᠨ ᠲᠣᠬᠢᠷᠠᠭᠤᠯᠤᠯᠲᠠ ᠶᠢ ᠰᠣᠨᠣᠰᠪᠠ᠃            ᠬᠤᠷᠠᠯ ᠠᠴᠠ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠬᠠᠷᠢᠭᠤᠴᠠᠯᠭ᠎ᠠ ᠶᠢᠨ ᠤᠬᠠᠮᠰᠠᠷ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ᠂ ᠤᠯᠠᠨ ᠲᠦᠮᠡᠨ ᠤ ᠠᠩᠬᠠᠷᠴᠤ ᠪᠠᠶᠢᠭ᠎ᠠ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ︽ᠡᠮ ᠡᠮᠨᠡᠯᠭᠡ᠂ ᠰᠤᠷᠭᠠᠨ ᠬᠥᠮᠦᠵᠢᠯ ᠂ ᠣᠷᠣᠨ ᠰᠠᠭᠤᠴᠠ︾ ᠵᠡᠷᠭᠡ ᠠᠷᠠᠳ ᠤᠨ ᠠᠮᠢᠳᠤᠷᠠᠯ ᠤᠨ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠬᠡᠷᠡᠭᠵᠢᠭᠦᠯᠬᠦ ᠪᠠᠷ ᠤᠨᠢᠨ ᠳᠡᠭᠡᠷ᠎ᠡ ᠨᠢ ᠰᠤᠳᠤᠯᠵᠤ᠂ ᠲᠦᠭᠡᠮᠡᠯ ᠬᠠᠷᠠᠭᠠᠯᠵᠠᠯ ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢᠯ ᠢ ᠪᠠᠲᠤᠯᠠᠬᠤ ᠴᠢᠨᠠᠷᠲᠠᠢ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃             ᠬᠤᠷᠠᠯ ᠠᠴᠠ ᠱᠠᠭᠠᠷᠳᠠᠭᠰᠠᠨ ᠨᠢ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠲᠣᠭᠤᠷᠢᠭ ᠤᠨ ᠳᠠᠷᠤᠭ᠎ᠠ ᠡᠭᠦᠷᠭᠡ ᠪᠠᠨ ᠰᠠᠨᠠᠭᠠᠴᠢᠯᠠᠭ᠎ᠠ ᠠᠴᠠ ᠪᠠᠨ ᠲᠠᠨᠢᠵᠤ᠂ ᠡᠷᠲᠡᠬᠡᠨ ᠲᠥᠯᠥᠪᠵᠢᠭᠦᠯᠵᠦ᠂ ᠲᠣᠬᠢᠷᠠᠭᠤᠯᠵᠤ᠂  ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠪᠣᠳᠠᠲᠤ ᠶᠠᠪᠤᠳᠠᠯ ᠤᠨ ᠲᠦᠷᠦᠯ ᠵᠦᠢᠯ ᠢᠶᠠᠷ ᠬᠥᠲᠥᠯᠥᠮᠵᠢ ᠪᠣᠯᠭᠠᠵᠤ᠂ ᠤᠯᠠᠨ ᠲᠦᠮᠡᠨ ᠤ ᠳᠡᠷᠭᠡᠳᠡᠬᠢ ᠬᠡᠷᠡᠭᠴᠡᠭᠡ ᠠᠴᠠ ᠭᠠᠷᠳᠠᠵᠤ᠂ ᠪᠤᠰᠤᠳ ᠠᠷᠠᠳ ᠲᠦᠮᠡᠨ ᠳᠤ ᠦᠢᠯᠡᠴᠢᠯᠡᠬᠦ ᠵᠦᠢᠯᠡᠰ ᠢ ᠰᠠᠶᠢᠲᠤᠷ ᠬᠢᠬᠦ ᠶᠢ ᠳᠠᠶᠢᠴᠢᠯᠠᠵᠤ᠂ ᠪᠣᠳᠠᠲᠠᠢ ᠶᠠᠪᠤᠳᠠᠯ ᠢ ᠨᠡᠩ ᠪᠣᠳᠠᠲᠠᠢ ᠬᠢᠵᠦ᠂ ᠤᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠨᠡᠩ ᠰᠠᠶᠢᠨ ᠪᠣᠯᠭᠠᠵᠤ᠂ ᠵᠣᠯ ᠵᠢᠷᠭᠠᠯᠲᠤ ᠲᠥᠷᠥᠭᠳᠡᠯ ᠢ ᠨᠡᠩ ᠦᠷᠭᠦᠯᠵᠢᠯᠡᠭᠦᠯᠬᠦ ᠪᠠᠷ ᠴᠢᠷᠮᠠᠶᠢᠬᠤ ᠬᠡᠷᠡᠭᠲᠡᠢ᠃ᠬᠤᠶᠠᠷ᠂ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠭᠡᠷ ᠤᠨ 2025 ᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃             ᠬᠤᠷᠠᠯ ᠠᠴᠠ᠂ ᠰᠡᠳᠬᠢᠯ ᠲᠠᠯᠪᠢᠨ ᠬᠦᠴᠦᠯᠡᠬᠦ᠂ ᠵᠠᠰᠠᠭ ᠤᠨ ᠣᠷᠳᠣᠨ ᠤ ᠠᠵᠢᠯ ᠢ ᠭᠦᠨᠵᠡᠭᠡᠢ ᠪᠣᠳᠠᠲᠠᠢ ᠲᠥᠯᠥᠪᠵᠢᠭᠦᠯᠬᠦ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠦᠬᠦᠳᠠ ᠬᠤᠷᠠᠯ᠂ ᠬᠤᠳᠠ ᠶᠢᠨ ᠨᠠᠮ ᠤᠨ ᠬᠤᠷᠢᠶ᠎ᠠ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠪᠣᠯᠣᠨ ᠲᠣᠭᠤᠷᠢᠭ ᠤᠨ ᠨᠠᠮ ᠤᠨ ᠬᠤᠷᠢᠶ᠎ᠠ ᠶᠢᠨ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ︽ᠬᠤᠶᠠᠷ ᠶᠡᠭᠡ ᠶᠠᠪᠤᠳᠠᠯ︾ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠴᠡᠭ᠂ ᠰᠢᠪᠲᠤᠯᠤᠯᠲᠠ ᠶᠢᠨ ᠴᠡᠭ᠂ ᠬᠦᠴᠦᠯᠡᠬᠦ ᠴᠡᠭ ᠢ ᠣᠨᠣᠪᠴᠢᠲᠠᠢ ᠣᠯᠵᠤ᠂ ᠰᠠᠶᠢᠬᠠᠨ ᠠᠴᠠ ᠦᠰᠦᠷᠦᠨ ᠭᠠᠷᠴᠤ᠂ ᠶᠡᠭᠡ ᠬᠠᠷᠠᠭᠠᠰᠤ ᠶᠡᠭᠡ ᠪᠠᠶᠢᠷᠢᠰᠢᠯ ᠢᠶᠠᠷ ᠠᠯᠤᠰ ᠬᠡᠳᠤ ᠶᠢᠨ ᠬᠥᠭᠵᠢᠯᠲᠡ ᠶᠢ ᠲᠥᠯᠥᠪᠵᠢᠭᠦᠯᠵᠦ᠂ ᠳᠠᠷᠠᠭᠠᠴᠢ ᠶᠢᠨ ᠠᠯᠬᠤᠮ ᠤᠨ ᠠᠵᠢᠯ ᠢ ᠨᠢᠭᠡᠳᠦᠯᠲᠡᠢ ᠰᠠᠶᠢᠲᠤᠷ ᠲᠥᠯᠥᠪᠵᠢᠭᠦᠯᠦᠨ᠂ 2025 ᠣᠨ ᠢᠶᠠᠨ ᠰᠠᠶᠢᠲᠤᠷ ᠡᠬᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃        ᠬᠤᠷᠠᠯ ᠠᠴᠠ ᠱᠠᠭᠠᠷᠳᠠᠭᠰᠠᠨ ᠨᠢ᠂ ᠨᠢᠭᠡ ᠳᠤ ᠢᠯᠡᠳᠬᠡᠯ ᠢ ᠲᠤᠭᠤᠷᠪᠢᠬᠤ ᠳᠤᠭᠤᠶᠢᠯᠠᠩ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠬᠦ ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠵᠦ᠂ ᠤᠯᠠᠨ ᠤ ᠤᠬᠠᠭᠠᠨ ᠬᠠᠮᠲᠤ ᠶᠢᠨ ᠬᠦᠴᠦᠨ ᠢ ᠥᠷᠭᠡᠨ ᠢᠶᠠᠷ ᠰᠢᠩᠭᠡᠬᠡᠨ ᠠᠪᠴᠤ᠂ 2024 ᠣᠨ ᠤ ᠠᠵᠢᠯ ᠤᠨ ᠳᠤᠲᠠᠭᠤᠳᠠᠯ᠂ ᠲᠤᠷᠰᠢᠯᠭ᠎ᠠ᠂ ᠠᠮᠵᠢᠯᠲᠠ ᠪᠦᠲᠦᠮᠵᠢ ᠶᠢ ᠪᠣᠳᠠᠲᠠᠢ ᠳᠤ ᠳ᠋ᠦᠩᠨᠡᠵᠦ᠂ ᠬᠤᠶᠢᠰᠢᠳᠠ ᠶᠢᠨ ᠠᠵᠢᠯ ᠢ ᠵᠢᠯᠤᠭᠤᠳᠬᠤ ᠬᠡᠷᠡᠭᠲᠡᠢ︔ 2025 ᠣᠨ ᠤ ᠠᠵᠢᠯ ᠳᠤ ᠪᠦᠬᠦ ᠲᠠᠯ᠎ᠠ ᠳᠤ ᠰᠠᠭᠤᠷᠢᠯᠠᠵᠤ᠂ ᠬᠥᠭᠵᠢᠯᠲᠡ ᠶᠢᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠴᠢᠨᠠᠷ ᠰᠠᠶᠢᠲᠠᠢ ︽ᠮᠡᠳᠡᠭᠦᠯᠦᠯᠲᠡ︾ ᠶᠢ ᠪᠦᠷᠢᠯᠳᠦᠭᠦᠯᠬᠦ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ︽ᠮᠡᠳᠡᠭᠦᠯᠦᠯᠲᠡ︾ ᠳᠤ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠳᠤ ᠢᠳᠡᠪᠬᠢᠲᠡᠢ ᠣᠷᠣᠯᠴᠠᠵᠤ᠂ 2025 ᠣᠨ ᠤ ᠠᠵᠢᠯ ᠤᠨ ᠰᠡᠳᠬᠢᠴᠡ᠂ ᠭᠤᠣᠯᠳᠠᠯᠭ᠎ᠠ ᠲᠠᠢ ᠲᠦᠷᠦᠯ ᠵᠦᠢᠯ ᠵᠢᠴᠢ ᠠᠵᠢᠯ ᠤᠨ ᠡᠭᠦᠷᠭᠡ ᠶᠢ ᠰᠠᠶᠢᠲᠤᠷ ᠡᠮᠬᠢᠯᠡᠵᠦ᠂ ᠪᠡᠯᠡ ᠮᠥᠩᠭᠦ᠂ ᠲᠦᠷᠦ ᠶᠢᠨ ᠪᠣᠳᠣᠯᠭ᠎ᠠ ᠵᠡᠷᠭᠡ ᠢᠵᠢ ᠪᠦᠷᠢᠳᠦᠭᠰᠡᠨ ᠲᠤᠯᠭᠠᠭᠤᠷᠢᠯᠠᠯ ᠢ ᠤᠷᠢᠳᠴᠢᠯᠠᠨ ᠰᠠᠶᠢᠲᠤᠷ ᠲᠥᠯᠥᠪᠵᠢᠭᠦᠯᠵᠦ᠂ ᠡᠯ᠎ᠡ ᠵᠦᠢᠯ ᠤᠨ ᠲᠣᠭᠲᠠᠭᠰᠠᠨ ᠠᠵᠢᠯ ᠤᠨ ᠬᠠᠷᠠᠯᠲᠠ ᠡᠭᠦᠷᠭᠡ ᠪᠠᠨ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃  ᠭᠤᠷᠪᠠ᠂ ᠬᠤᠷᠠᠯ ᠠᠴᠠ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ︽ᠰᠠᠶᠢᠬᠠᠨ ᠲᠣᠭᠤᠷᠢᠭ ᠤᠨ 2024 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2025 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ ︵ᠬᠢᠨᠠᠨ ᠵᠥᠪᠯᠡᠬᠦ ᠨᠣᠣᠷᠠᠭ︶︾ ︵ᠳᠣᠷᠣᠭᠰᠢ︽ᠮᠡᠳᠡᠭᠦᠯᠦᠯᠲᠡ︾ ᠭᠡᠵᠦ ᠲᠣᠪᠴᠢᠯᠠᠨ᠎ᠠ︶ ᠶᠢᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃        ᠬᠤᠷᠠᠯ ᠠᠴᠠ᠂ 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠴᠦᠰ ᠤᠨ ᠵᠢᠯ᠂ ᠮᠦᠨᠴᠦ  ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢ ᠲᠥᠯᠥᠪᠵᠢᠭᠦᠯᠬᠦ ᠵᠢᠯ ᠂ ︽ᠮᠡᠳᠡᠭᠦᠯᠦᠯᠲᠡ︾ ᠶᠢ ᠰᠠᠶᠢᠲᠤᠷ ᠲᠤᠭᠤᠷᠪᠢᠬᠤ ᠨᠢ ᠪᠥᠬᠦ ᠲᠣᠭᠤᠷᠢᠭ ᠤᠨ  ᠬᠥᠭᠵᠢᠯᠲᠡ ᠳᠤ ᠴᠢᠬᠤᠯᠠ ᠵᠢᠯᠤᠭᠤᠳᠬᠤ ᠠᠴᠢ ᠬᠤᠯᠪᠣᠭᠳᠠᠯ ᠲᠠᠢ᠃ ᠬᠤᠷᠠᠯ ᠠᠴᠠ ᠮᠡᠳᠡᠭᠦᠯᠦᠯᠲᠡ ᠶᠢ ᠬᠢᠨᠠᠨ ᠶᠠᠷᠢᠯᠴᠠᠵᠤ ᠵᠠᠷᠴᠢᠮ ᠳᠡᠭᠡᠷ᠎ᠡ  ᠪᠠᠨ ᠪᠠᠲᠤᠯᠠᠪᠠ᠃    ᠬᠤᠷᠠᠯ ᠠᠴᠠ᠂ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠶᠡᠷᠦᠩᠬᠡᠢ ᠬᠠᠷᠢᠭᠤᠴᠠᠵᠤ᠂ ᠨᠢᠭᠡ ᠳᠤ᠂ ᠬᠤᠲᠠ ᠶᠢᠨ ᠨᠠᠮ ᠤᠨ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠵᠢᠴᠢ ᠲᠣᠭᠤᠷᠢᠭ ᠤᠨ ᠨᠠᠮ ᠤᠨ ᠬᠤᠷᠢᠶᠠᠨ ᠤ ᠪᠥᠬᠦᠳᠡ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ᠂ ᠪᠥᠬᠦ ᠬᠤᠲᠠ ᠶᠢᠨ ᠬᠥᠭᠵᠢᠯᠲᠡ ᠶᠢᠨ ᠰᠡᠳᠬᠢᠴᠡ ᠪᠠᠷ ᠪᠠᠷᠢᠮᠵᠢᠶᠠᠯᠠᠵᠤ᠂ ᠪᠥᠬᠦ ᠲᠣᠭᠤᠷᠢᠭ ᠤᠨ ᠲᠥᠯᠦᠪᠵᠢᠭᠦᠯᠭᠡ ᠬᠥᠭᠵᠢᠯᠲᠡ ᠶᠢ ᠪᠥᠬᠦ ᠬᠤᠲᠠ ᠶᠢᠨ ᠲᠥᠯᠦᠪᠵᠢᠭᠦᠯᠭᠡ ᠬᠥᠭᠵᠢᠯᠲᠡ ᠳᠤ ᠣᠷᠭᠠᠨᠢᠭ ᠢᠶᠠᠷ ᠠᠭᠤᠰᠤᠯᠴᠠᠭᠤᠯᠵᠤ᠂ ᠪᠥᠬᠦ ᠲᠣᠭᠤᠷᠢᠭ ᠤᠨ ᠡᠯ᠎ᠡ ᠠᠵᠤ ᠦᠢᠯᠡᠰ ᠤᠨ ᠬᠥᠭᠵᠢᠯᠲᠡ ᠶᠢᠨ ᠰᠡᠳᠬᠢᠴᠡ ᠶᠢ ᠰᠠᠶᠢᠲᠤᠷ ᠲᠥᠯᠥᠪᠵᠢᠭᠦᠯᠬᠦ ᠬᠡᠷᠡᠭᠲᠡᠢ᠃ ᠬᠤᠶᠠᠷ ᠲᠤ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠰᠠᠨᠠᠯ ᠢ ᠦᠨᠳᠦᠰᠦᠯᠡᠨ᠂ ᠣᠳᠣᠬᠠᠨ ᠤ ᠠᠯᠤᠰ ᠬᠡᠲᠦ ᠶᠢ ᠬᠠᠮᠲᠤ ᠳᠤ ᠨᠢ ᠬᠠᠷᠠᠭᠠᠯᠵᠠᠵᠤ᠂ ︽ᠮᠡᠳᠡᠭᠦᠯᠦᠯᠲᠡ︾ ᠶᠢ ᠨᠠᠷᠢᠨ ᠨᠢᠮᠪᠠᠢ ᠲᠡᠭᠦᠯᠳᠡᠷᠵᠢᠭᠦᠯᠦᠨ᠂ ᠡᠨᠡ ᠵᠢᠯ ᠤᠨ ᠭᠤᠣᠯᠳᠠᠯᠭ᠎ᠠ ᠲᠠᠢ ᠠᠵᠢᠯ ᠢ ᠨᠠᠷᠢᠨ ᠬᠢᠨᠠᠮᠠᠭᠠᠢ ᠲᠥᠯᠥᠪᠵᠢᠭᠦᠯᠵᠦ᠂ ᠲᠥᠷᠥᠯ ᠵᠦᠢᠯ ᠤᠨ ᠨᠥᠭᠡᠴᠡ ᠶᠢ ᠪᠣᠳᠠᠲᠠᠶᠢᠵᠢᠭᠤᠯᠤᠨ ᠪᠤᠵᠠᠭᠠᠶᠢᠷᠠᠭᠤᠯᠵᠤ᠂ ᠬᠡᠷᠡᠭᠵᠢᠭᠦᠯᠵᠦ ᠪᠣᠯᠬᠤᠶᠢᠴᠠ ᠬᠡᠪᠴᠢᠶ᠎ᠡ ᠶᠢ ᠭᠠᠷᠭᠠᠬᠤ ᠶᠢᠨ ᠬᠠᠮᠲᠤ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠲᠥᠯᠥᠪᠵᠢᠭᠦᠯᠬᠦ ᠠᠵᠢᠯ ᠢ ᠰᠠᠶᠢᠲᠤᠷ ᠬᠢᠵᠦ᠂ ᠪᠥᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃   ᠳᠥᠷᠪᠡ᠂ ᠬᠤᠷᠠᠯ ᠠᠴᠠ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠢᠨ ︽ᠰᠠᠶᠢᠬᠠᠨ ᠲᠣᠭᠤᠷᠢᠭ ᠤᠨ 2024 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠪᠠ 2025 ᠣᠨ ᠤ ᠲᠥᠰᠥᠪ ︵ᠳᠣᠷᠣᠭᠰᠢ︽ᠮᠡᠳᠡᠭᠦᠯᠦᠯᠲᠡ︾ ᠭᠡᠵᠦ ᠲᠣᠪᠴᠢᠯᠠᠨ᠎ᠠ︶ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠪᠠ᠃        ᠬᠤᠷᠠᠯ ᠠᠴᠠ᠂ 2024 ᠣᠨ ᠳᠤ᠂ ᠪᠢᠳᠡ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠲᠤᠯᠵᠤ᠂ ︽ᠠᠷᠪᠢᠴᠢ ᠭᠠᠮᠲᠠᠢ ᠠᠮᠢᠳᠤᠷᠠᠬᠤ︾ ᠤᠬᠠᠮᠰᠠᠷ ᠢ ᠪᠠᠲᠤ ᠪᠤᠢ ᠪᠣᠯᠭᠠᠵᠤ᠂ ᠨᠠᠮ ᠤᠨ ᠲᠥᠪ ᠬᠤᠷᠢᠶᠠᠨ ᠤ ᠨᠠᠮ ᠵᠠᠰᠠᠭ ᠤᠨ ᠪᠠᠶᠢᠭᠤᠯᠭ᠎ᠠ ᠶᠢᠨ ᠠᠷᠪᠢᠴᠢ ᠭᠠᠮᠲᠠᠢ ᠠᠮᠢᠳᠤᠷᠠᠬᠤ ᠶᠢ ᠠᠬᠢᠭᠤᠯᠬᠤ ᠱᠠᠭᠠᠷᠳᠠᠯᠭ᠎ᠠ ᠶᠢ ᠪᠦᠬᠦ ᠬᠦᠴᠦᠨ ᠢᠶᠠᠷ ᠢᠶᠠᠨ ᠨᠠᠶᠢᠳᠠᠪᠤᠷᠢᠵᠢᠭᠤᠯᠵᠤ᠂ ︽ᠠᠷᠪᠢᠴᠢ ᠭᠠᠮᠲᠠᠢ ᠠᠮᠢᠳᠤᠷᠠᠬᠤ︾ ᠦᠵᠡᠯ ᠰᠠᠨᠠᠭ᠎ᠠ ᠶᠢ ᠰᠡᠳᠬᠢᠯ ᠵᠢᠷᠦᠬᠡᠨ ᠳᠡᠭᠡᠨ ᠬᠠᠳᠠᠩᠰᠢᠭᠤᠯᠵᠠᠢ᠃ 2025 ᠣᠨ ᠳᠤ᠂ ᠨᠠᠮ ᠵᠠᠰᠠᠭ ᠤᠨ ᠪᠠᠶᠢᠭᠤᠯᠭ᠎ᠠ ᠠᠷᠪᠢᠯᠠᠨ ᠭᠠᠮᠨᠠᠬᠤ ᠶᠢ ᠦᠷᠭᠦᠯᠵᠢᠯᠡᠨ ᠪᠠᠷᠢᠮᠲᠠᠯᠠᠵᠤ᠂ ᠡᠳ᠋ ᠤᠨ ᠵᠠᠰᠠᠭ ᠤᠨ ᠵᠠᠷᠤᠯᠭ᠎ᠠ ᠶᠢᠨ ᠪᠦᠲᠦᠴᠡ ᠶᠢ ᠶᠡᠭᠡ ᠪᠠᠷ ᠰᠢᠯᠢᠳᠡᠭᠵᠢᠭᠦᠯᠵᠦ᠂ ︽ᠭᠤᠷᠪᠠ ᠶᠢ ᠪᠠᠲᠤᠯᠠᠬᠤ︾ ᠬᠤᠷᠢᠭ᠎ᠠ ᠱᠤᠭᠤᠮ ᠢ ᠪᠠᠲᠤ ᠰᠠᠬᠢᠵᠤ᠂ ᠥᠷᠢ ᠥᠭᠴᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠠᠵᠤ ᠠᠬᠤᠢ ᠶᠢᠨ ᠰᠠᠬᠢᠯᠭ᠎ᠠ ᠪᠠᠲᠤ ᠶᠢ ᠴᠢᠩᠳᠠᠯᠠᠵᠤ᠂ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠦᠨᠡᠨ ᠬᠦ ᠴᠢᠩᠭᠠᠳᠬᠠᠵᠤ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠵᠦ᠂ ᠪᠦᠬᠦ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃          ᠬᠤᠷᠠᠯ ᠠᠴᠠ ᠱᠠᠭᠠᠷᠳᠠᠭᠰᠠᠨ ᠨᠢ᠂ ᠲᠣᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠶᠡᠷᠦᠩᠬᠡᠶᠢᠯᠡᠨ ᠬᠠᠷᠢᠭᠤᠴᠠᠵᠤ᠂ ᠨᠢᠭᠡ ᠳᠤ ︽ᠮᠡᠳᠡᠭᠦᠯᠦᠯᠲᠡ︾ ᠨᠢ ᠡᠳ᠋ ᠤᠨ ᠵᠠᠰᠠᠭ ᠤᠨ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠢ ᠭᠦᠨᠵᠡᠭᠡᠢ ᠵᠠᠳᠠᠯᠬᠤ ᠶᠢᠨ ᠬᠠᠮᠲᠤ ᠲᠠᠷᠠᠭᠠᠴᠢ ᠶᠢᠨ ᠠᠯᠬᠤᠮ ᠤᠨ ᠠᠵᠢᠯ ᠤᠨ ᠠᠷᠭ᠎ᠠ ᠬᠡᠮᠵᠢᠶ᠎ᠡ ᠪᠠᠨ ᠲᠣᠳᠣᠷᠬᠠᠶᠢᠯᠠᠬᠤ ᠬᠡᠷᠡᠭᠲᠡᠢ᠃ ᠬᠤᠶᠠᠷ ᠲᠤ ᠲᠥᠰᠥᠪ ᠤᠨ ᠬᠠᠮᠢᠶᠠᠷᠤᠯᠲᠠ ᠶᠢᠨ ᠳᠦᠷᠢᠮ ᠢ ᠴᠢᠩᠭ᠎ᠠ ᠬᠡᠷᠡᠭᠵᠢᠭᠦᠯᠵᠦ᠂ ᠴᠢᠳᠠᠯ ᠤᠨ ᠬᠢᠷᠢ ᠪᠠᠷ ᠴᠢᠷᠮᠠᠶᠢᠵᠤ᠂ ᠣᠳᠣ ᠪᠠᠶᠢᠭ᠎ᠠ ᠡᠳ᠋ ᠤᠨ ᠬᠦᠴᠦᠨ ᠢ ᠵᠦᠢ ᠵᠣᠬᠢᠰᠲᠠᠢ ᠨᠢᠭᠡᠳᠦᠯᠲᠡᠢ ᠲᠥᠯᠥᠪᠵᠢᠭᠦᠯᠵᠦ᠂ ᠨᠠᠷᠢᠨ ᠨᠢᠮᠪᠠᠢ ᠲᠣᠬᠢᠷᠠᠭᠤᠯᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠠᠵᠤ ᠠᠬᠤᠢ ᠶᠢᠨ ᠦᠷ᠎ᠡ ᠠᠰᠢᠭ ᠪᠣᠯᠣᠨ ᠨᠡᠶᠢᠭᠡᠮ ᠤᠨ ᠦᠷ᠎ᠡ ᠠᠰᠢᠭ ᠢ ᠭᠦᠢᠴᠡᠳ ᠪᠠᠳᠠᠷᠠᠭᠤᠯᠬᠤ ᠬᠡᠷᠡᠭᠲᠡᠢ᠃ ᠭᠤᠷᠪᠠ ᠳᠤ᠂ ᠣᠷᠣᠯᠭ᠎ᠠ ᠪᠠᠨ ᠨᠡᠮᠡᠭᠳᠡᠭᠦᠯᠦᠨ ᠵᠠᠷᠤᠯᠭ᠎ᠠ ᠪᠠᠨ ᠠᠷᠪᠢᠯᠠᠵᠤ᠂ ᠣᠷᠣᠯᠭ᠎ᠠ ᠶᠢ ᠶᠡᠬᠡᠪᠡᠷ ᠵᠣᠬᠢᠶᠠᠨ ᠪᠠᠶᠢᠭᠤᠯᠵᠤ᠂ ᠭᠠᠶᠢᠯᠢ ᠥᠷᠢᠲᠦᠵᠦ ᠪᠠᠶᠢᠭ᠎ᠠ ᠶᠢ ᠢᠯᠭᠠᠷᠠᠭᠤᠯᠵᠤ᠂ ᠭᠠᠶᠢᠯᠢ ᠶᠢᠨ ᠪᠤᠰᠤ ᠣᠷᠣᠯᠭ᠎ᠠ ᠶᠢ ᠢᠯᠭᠠᠷᠠᠭᠤᠯᠤᠨ ᠲᠤᠰᠢᠶᠠᠵᠤ᠂ ᠬᠤᠷᠢᠶᠠᠬᠤ ᠶᠣᠰᠣᠲᠠᠢ ᠶᠢ ᠨᠢ ᠪᠦᠬᠦᠨ ᠢ ᠬᠤᠷᠢᠶᠠᠬᠤ ᠬᠡᠷᠡᠭᠲᠡᠢ᠃      ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃      ᠢᠷᠡᠯᠲᠡ ᠄ ᠰᠠᠶᠢᠬᠠᠨ ᠲᠣᠭᠤᠷᠢᠭ  ᠤᠨ ᠠᠷᠠᠳ  ᠤᠨ ᠵᠠᠰᠠᠭ  ᠤᠨ ᠣᠷᠳᠤᠨ  ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号