| | | | ︵ᠰᠤᠷᠪᠤᠯᠵᠢᠯᠠᠭᠴᠢ ᠠᠷᠢᠭᠤᠨ᠎ᠠ︶ 1 ᠳ᠋ᠦ᠋ᠭᠡᠷ ᠰᠠᠷ᠎ᠠ ᠶᠢᠨ 23 ᠤ ᠡᠳᠦᠷ᠂ ᠬᠥᠬᠡᠬᠤᠲᠠ ᠶᠢᠨ ᠠᠷᠠᠳ ᠤᠨ | ᠵᠠᠰᠠᠭ ᠤᠨ ᠣᠷᠳᠣᠨ᠂ ᠥᠪᠥᠷ ᠮᠣᠩᠭᠤᠯ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠵᠢᠷᠭᠤᠳᠤᠭᠠᠷ ᠬᠦᠷᠢᠶᠡᠯᠡᠩ ᠤᠨ ᠭᠡᠷ᠎ᠡ ᠲᠣᠭᠲᠠᠬᠤ ᠠᠵᠢᠯᠯᠠᠭ᠎ᠠ ᠮᠠᠨ ᠤ | ᠬᠤᠲᠠ ᠳᠤ ᠶᠠᠪᠤᠭᠳᠠᠪᠠ᠃ ᠠᠵᠢᠯᠯᠠᠭ᠎ᠠ ᠳᠤ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ | ᠮᠣᠩᠭᠤᠯ ᠤᠨ ᠶᠡᠭᠡ ᠰᠤᠷᠭᠠᠭᠤᠯᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠪᠦᠬᠦ ᠲᠠᠯ᠎ᠠ ᠪᠠᠷ | ᠳᠡᠭᠡᠭᠰᠢᠯᠡᠭᠦᠯᠬᠦ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠤ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠥᠷ ᠮᠣᠩᠭᠤᠯ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠷᠭᠤᠳᠤᠭᠠᠷ ᠬᠦᠷᠢᠶᠡᠯᠡᠩ ᠤᠨ ᠬᠢᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠰᠠᠨᠰᠠᠷ ᠤᠨ | ᠠᠶᠠᠯᠠᠯ ᠤᠨ ᠰᠤᠳᠤᠯᠭᠠᠨ ᠤ ᠬᠦᠷᠢᠶᠡᠯᠡᠩ ᠢ ᠬᠠᠮᠲᠤᠷᠠᠨ ᠪᠠᠶᠢᠭᠤᠯᠬᠤ ᠬᠠᠮᠲᠤᠷᠠᠯᠴᠠᠭᠠᠨ ᠤ ᠰᠠᠨᠠᠮᠵᠢ ᠶᠢᠨ ᠪᠢᠴᠢᠭ ᠲᠤ | ᠭᠠᠷ ᠤᠨ ᠥᠰᠥᠭ ᠵᠢᠷᠤᠪᠠ᠃ | | | ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ᠂ ᠥᠪᠥᠷ | ᠮᠣᠩᠭᠤᠯ ᠤᠨ ᠶᠡᠭᠡ ᠰᠤᠷᠭᠠᠭᠤᠯᠢ ᠶᠢᠨ ᠨᠠᠮ ᠤᠨ ᠬᠤᠷᠢᠶ᠎ᠠ ᠶᠢᠨ ᠱᠦᠵᠢ ᠴᠧᠩ ᠲᠤᠤ᠂ ᠥᠪᠥᠷ ᠮᠣᠩᠭᠤᠯ ᠤᠨ ᠶᠡᠭᠡ | ᠰᠤᠷᠭᠠᠭᠤᠯᠢ ᠶᠢᠨ ᠰᠤᠷᠭᠠᠭᠤᠯᠢ ᠵᠠᠬᠢᠷᠤᠯ ᠦ᠋ ᠯᠢ ᠮᠢᠨ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠵᠢᠷᠭᠤᠳᠤᠭᠠᠷ ᠬᠦᠷᠢᠶᠡᠯᠡᠩ ᠤᠨ ᠨᠠᠮ ᠤᠨ ᠬᠤᠷᠢᠶ᠎ᠠ ᠶᠢᠨ ᠱᠦᠵᠢ ᠵᠣᠣ ᠶᠦᠩ᠂ ᠳᠤᠮᠳᠠᠳᠤ | ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠷᠭᠤᠳᠤᠭᠠᠷ ᠬᠦᠷᠢᠶᠡᠯᠡᠩ ᠤᠨ ᠳᠠᠷᠤᠭ᠎ᠠ | ᠵᠢᠶᠠ ᠶᠦᠩ ᠭᠠᠩ ᠬᠠᠮᠲᠤ ᠪᠠᠷ ᠬᠡᠯᠡᠯᠴᠡᠭᠡᠷ᠂ ᠰᠠᠨᠠᠮᠵᠢ ᠶᠢᠨ ᠪᠢᠴᠢᠭ ᠲᠤ ᠭᠠᠷ ᠤᠨ ᠥᠰᠥᠭ ᠵᠢᠷᠤᠬᠤ ᠶᠢ | ᠭᠡᠷᠡᠴᠢᠯᠡᠪᠡ᠃ | | | ᠵᠥᠪᠯᠡᠯᠴᠡᠭᠡᠷ ᠢ ᠦᠨᠳᠦᠰᠦᠯᠡᠪᠡᠯ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠬᠢᠭᠡᠳ ᠥᠪᠥᠷ | ᠮᠣᠩᠭᠤᠯ ᠤᠨ ᠶᠡᠭᠡ ᠰᠤᠷᠭᠠᠭᠤᠯᠢ ᠰᠠᠨᠰᠠᠷ ᠤᠨ ᠠᠶᠠᠯᠠᠯ ᠤᠨ ᠰᠤᠳᠤᠯᠭᠠᠨ ᠤ ᠬᠦᠷᠢᠶᠡᠯᠡᠩ᠂ ᠡᠮᠴᠢᠯᠡᠭᠡ ᠰᠤᠷᠭᠠᠨ | ᠬᠥᠮᠦᠵᠢᠯ ᠢ ᠬᠠᠮᠵᠢᠯᠴᠠᠭᠤᠯᠬᠤ᠂ ᠴᠢᠳᠠᠪᠤᠷᠢᠲᠠᠨ ᠢ ᠬᠥᠮᠥᠵᠢᠭᠦᠯᠬᠦ ᠬᠢᠭᠡᠳ ᠠᠵᠢᠯ ᠣᠯᠭᠤᠯᠲᠠ᠂ ᠰᠢᠨᠵᠢᠯᠡᠬᠦ | ᠤᠬᠠᠭᠠᠨ ᠤ ᠰᠤᠳᠤᠯᠭᠠᠨ ᠤ ᠲᠠᠪᠴᠠᠩ ᠬᠢᠭᠡᠳ ᠬᠠᠮᠵᠢᠯᠴᠠᠨ ᠰᠢᠨ᠎ᠡ ᠶᠢ ᠡᠭᠦᠳᠬᠦ ᠵᠡᠷᠭᠡ ᠲᠠᠯ᠎ᠠ ᠪᠠᠷ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭ᠎ᠠ ᠥᠷᠨᠢᠭᠦᠯᠦᠨ᠎ᠡ᠃ ᠲᠣᠰ ᠤᠳᠠᠭᠠᠨ ᠤ ᠭᠡᠷ᠎ᠡ ᠲᠣᠭᠲᠠᠭᠰᠠᠨ ᠨᠢ ᠰᠤᠷᠭᠠᠭᠤᠯᠢ ᠪᠠ | ᠣᠷᠣᠨ ᠨᠤᠲᠤᠭ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠢᠷᠢ ᠲᠦᠪᠰᠢᠨ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ | ᠪᠡᠶᠡᠯᠡᠭᠦᠯᠦᠨ᠎ᠡ᠃ ᠰᠠᠨᠠᠮᠵᠢ ᠶᠢᠨ ᠪᠢᠴᠢᠭ ᠢ ᠦᠨᠳᠦᠰᠦᠯᠡᠪᠡᠯ᠂ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ᠂ | ᠥᠪᠥᠷ ᠮᠣᠩᠭᠤᠯ ᠤᠨ ᠶᠡᠭᠡ ᠰᠤᠷᠭᠠᠭᠤᠯᠢ᠂ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠵᠢᠷᠭᠤᠳᠤᠭᠠᠷ ᠬᠦᠷᠢᠶᠡᠯᠡᠩ ᠭᠤᠷᠪᠠᠨ ᠲᠠᠯ᠎ᠠ ᠪᠠᠷ ᠢᠶᠠᠨ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ | ᠬᠠᠮᠢᠶ᠎ᠠ ᠪᠦᠬᠦᠢ ᠰᠢᠨᠵᠢᠯᠡᠭᠡᠨ ᠤ ᠲᠤᠰᠬᠠᠢ ᠮᠡᠷᠭᠡᠵᠢᠯ ᠵᠢᠴᠢ ᠰᠤᠷᠭᠠᠭᠤᠯᠢ ᠡᠷᠭᠢᠯᠡᠬᠦ ᠳᠠᠪᠠᠭᠤᠯᠢᠭ ᠪᠠ ᠳᠤᠮᠳᠠᠳᠤ | ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠳᠡᠯᠭᠡᠬᠦ ᠬᠦᠴᠦᠨ ᠤ ᠮᠡᠷᠭᠡᠵᠢᠯ ᠤᠨ | ᠰᠤᠳᠤᠯᠭᠠᠨ ᠤ ᠬᠦᠷᠢᠶᠡᠯᠡᠩ ᠤᠨ ᠣᠳᠣᠬᠠᠨ ᠤ ᠲᠡᠷᠢᠭᠦᠨ ᠤ ᠮᠡᠷᠭᠡᠵᠢᠯ ᠪᠠ ᠠᠵᠢᠯ ᠲᠥᠷᠥᠯ ᠤᠨ ᠳᠠᠪᠠᠭᠤᠯᠢᠭ ᠲᠤ | ᠲᠦᠰᠢᠭᠯᠡᠨ᠂ ︽ᠰᠤᠷᠭᠠᠭᠤᠯᠢ ᠣᠷᠣᠨ ᠨᠤᠲᠤᠭ ᠬᠦᠷᠢᠶᠡᠯᠡᠩ︾ ᠭᠤᠷᠪᠠᠨ ᠲᠠᠯ᠎ᠠ ᠬᠠᠮᠲᠤ ᠪᠠᠷ ᠰᠠᠨᠰᠠᠷ ᠤᠨ ᠠᠶᠠᠯᠠᠯ ᠤᠨ | ᠬᠦᠷᠢᠶᠡᠨ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠢ ᠬᠠᠮᠲᠤ ᠪᠠᠷ ᠪᠣᠶᠢᠵᠢᠭᠤᠯᠵᠤ᠂ ᠰᠠᠨᠰᠠᠷ ᠤᠨ | ᠠᠶᠠᠯᠠᠯ ᠤᠨ ᠬᠦᠷᠢᠶᠡᠨ ᠳᠠᠬᠢ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ | ᠳᠠᠭᠠᠭᠠᠵᠤ ᠬᠦᠴᠦᠷᠬᠡᠭᠵᠢᠬᠦ ᠶᠢ ᠲᠦᠷᠭᠡᠳᠬᠡᠵᠦ᠂ ᠰᠠᠨᠰᠠᠷ ᠤᠨ ᠠᠶᠠᠯᠠᠯ ᠤᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠳᠤ ᠥᠪᠥᠷ ᠮᠣᠩᠭᠤᠯ ᠤᠨ ᠬᠦᠴᠦᠨ ᠴᠢᠳᠠᠯ ᠢ ᠡᠷᠭᠦᠬᠦ ᠪᠣᠯᠣᠨ᠎ᠠ᠃ | | | ᠬᠤᠳᠠ ᠶᠢᠨ ᠤᠳᠤᠷᠢᠳᠤᠯᠭ᠎ᠠ ᠵᠢᠶᠣᠣ ᠬᠤᠩ᠂ ᠹᠦ᠋ ᠶᠢᠨ ᠽᠠᠢ᠂ ᠥᠪᠥᠷ ᠮᠣᠩᠭᠤᠯ ᠤᠨ ᠶᠡᠭᠡ ᠰᠤᠷᠭᠠᠭᠤᠯᠢ᠂ | ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠷᠭᠤᠳᠤᠭᠠᠷ | ᠬᠦᠷᠢᠶᠡᠯᠡᠩ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ ᠠᠵᠢᠯᠯᠠᠭ᠎ᠠ ᠳᠤ ᠣᠷᠣᠯᠴᠠᠪᠠ᠃ |