ᠡᠨᠡ ᠡᠪᠦᠯ ᠢᠷᠡᠬᠦ ᠬᠠᠪᠤᠷ ᠵᠢᠴᠢ ︽ᠴᠠᠭᠠᠨ ᠰᠠᠷ᠎ᠠ︾ ᠶᠢᠨ ᠠᠮᠠᠷᠠᠯᠲᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠢᠦᠢ ᠴᠢᠤᠸᠠᠨ ᠲᠣᠭᠤᠷᠢᠭ ᠤᠨ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠮᠡᠳᠡᠭᠳᠡᠯ
ᠨᠡᠶᠢᠲᠡᠯᠡᠭᠰᠡᠨ ᠴᠠᠭ᠄
2025/1/27
        ᠬᠠᠷᠢᠶ᠎ᠠ ᠣᠷᠣᠨ ᠤ ᠡᠯ᠎ᠡ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ᠄      ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠥᠯᠥᠭᠡ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠣᠳᠣᠬᠠᠨ ᠤ ᠠᠶᠤᠯᠭᠦᠢ ᠦᠢᠯᠡᠳᠪᠦᠷᠢᠯᠡᠯ ᠤᠨ ᠠᠵᠢᠯ ᠲᠠᠢ ᠨᠢᠭᠲᠠ ᠤᠶᠠᠯᠳᠤᠭᠤᠯᠵᠤ᠂ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠵᠢᠴᠢ  ᠰᠠᠶᠢᠬᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠵᠥᠪᠯᠡᠯ ᠠᠯᠪᠠᠨ ᠲᠠᠷᠬᠠᠭᠠᠭᠰᠠᠨ ﹇2024﹈ 22 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠪᠠ ᠱᠠᠭᠠᠷᠳᠠᠯᠭ᠎ᠠ ᠶᠢ ᠦᠨᠳᠦᠰᠦᠯᠡᠨ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠪᠠᠶᠢᠭᠠᠯᠢ ᠶᠢᠨ ᠭᠠᠮᠰᠢᠭ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠵᠤ᠂ ᠠᠵᠤ ᠦᠢᠯᠡᠳᠪᠦᠷᠢ ᠶᠢᠨ ᠬᠦᠷᠢᠶᠡᠨ ᠤ ᠠᠳᠡᠯ ᠤᠨ ᠠᠶᠤᠯ ᠲᠦᠭᠰᠢᠭᠦᠷᠢ ᠶᠢ ᠤᠷᠢᠳᠴᠢᠯᠠᠨ ᠰᠡᠷᠭᠡᠶᠢᠯᠡᠵᠦ᠂ ᠬᠦᠨᠳᠦ ᠶᠡᠭᠡ ᠣᠨᠴᠠ ᠶᠡᠭᠡ ᠠᠳᠡᠯ ᠪᠠ ᠡᠩ ᠤᠨ ᠦᠬᠦᠯ ᠰᠢᠷᠬᠠᠲᠤᠯ ᠤᠨ ᠠᠳᠡᠯ ᠭᠠᠷᠬᠤ ᠶᠢ ᠪᠦᠲᠦᠮᠵᠢᠲᠡᠢ ᠰᠡᠷᠭᠡᠶᠢᠯᠡᠬᠦ ᠶᠢᠨ ᠲᠥᠯᠥᠭᠡ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠤᠨ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠦᠨᠳᠦᠰᠦᠯᠡᠨ᠂ ᠡᠳᠦᠭᠡ 2025 ᠣᠨ ᠤ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠬᠦ ᠲᠤᠬᠠᠢ ᠳᠣᠣᠷᠠᠬᠢ ᠮᠡᠲᠦ ᠮᠡᠳᠡᠭᠳᠡᠶ᠎ᠡ᠄     
  1. ᠤᠳᠤᠷᠢᠳᠤᠯᠭ᠎ᠠ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠲᠡᠢ᠃ ᠤᠯᠤᠰ ᠲᠥᠷᠥ ᠶᠢᠨ
  1. ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠣᠳᠣᠬᠠᠨ ᠤ ᠠᠶᠤᠯᠭᠦᠢ ᠦᠢᠯᠡᠳᠪᠦᠷᠢᠯᠡᠯ ᠳᠤ
  1. ᠲᠤᠯᠭᠠᠷᠠᠵᠤ ᠪᠠᠶᠢᠭ᠎ᠠ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ᠲᠦᠭᠰᠢᠭᠦᠷᠢ ᠶᠢᠨ ᠤᠬᠠᠮᠰᠠᠷ ᠢᠶᠠᠨ
  1. ᠴᠢᠩᠭᠠᠳᠬᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠪᠣᠯᠣᠨ ᠠᠮᠤᠷ ᠲᠦᠪᠰᠢᠨ ᠤ ᠠᠵᠢᠯ ᠤᠨ ᠬᠠᠮᠢᠶ᠎ᠠ ᠪᠦᠬᠦᠢ
  1. ᠬᠠᠷᠢᠭᠤᠴᠠᠯᠭᠠᠲᠠᠨ ᠠᠶᠤᠯᠭᠦᠢ ᠦᠢᠯᠡᠳᠪᠦᠷᠢᠯᠡᠯ ᠤᠨ ᠬᠠᠮᠢᠶ᠎ᠠ ᠪᠦᠬᠦᠢ ᠠᠵᠢᠯ ᠢ ᠰᠠᠨᠠᠭᠠᠴᠢᠯᠠᠭ᠎ᠠ ᠠᠴᠠ ᠪᠠᠨ
  1. ᠵᠢᠯᠤᠭᠤᠳᠬᠤ ᠶᠢᠨ ᠬᠠᠮᠲᠤ ᠰᠠᠶᠢᠲᠤᠷ ᠠᠳᠬᠤᠵᠤ᠂ ᠭᠤᠣᠯᠳᠠᠯᠭ᠎ᠠ ᠲᠠᠢ ᠣᠷᠣᠨ ᠪᠠᠶᠢᠷᠢ᠂ ᠴᠢᠬᠤᠯᠠ ᠭᠤᠭᠴᠤᠭ᠎ᠠ ᠶᠢ
  1. ᠨᠢᠭᠡᠳ ᠨᠢᠭᠡ ᠪᠠᠷ ᠵᠢᠭᠰᠠᠭᠠᠨ ᠪᠠᠶᠢᠴᠠᠭᠠᠵᠤ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠵᠤ᠂ ᠠᠰᠠᠭᠤᠳᠠᠯ ᠢ ᠣᠯᠵᠤ
  1. ᠮᠡᠳᠡᠪᠡᠯ ᠳᠠᠷᠤᠢ ᠲᠦᠷᠭᠡᠨ ᠴᠡᠭᠴᠡᠯᠡᠨ ᠰᠠᠶᠢᠵᠢᠷᠠᠭᠤᠯᠵᠤ᠂ ᠠᠶᠤᠯᠭᠦᠢ ᠦᠢᠯᠡᠳᠪᠦᠷᠢᠯᠡᠯ ᠤᠨ ᠠᠷᠪᠠᠨ ᠲᠠᠪᠤᠨ ᠵᠤᠷᠪᠤᠰ
  1. ᠬᠠᠲᠠᠭᠤ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ 2025 ᠣᠨ ᠤ ᠴᠠᠭᠠᠨ ᠰᠠᠷ᠎ᠠ ᠶᠢᠨ
  1. ᠬᠤᠭᠤᠴᠠᠭᠠᠨ ᠳᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨ ᠬᠦ ᠰᠠᠶᠢᠲᠤᠷ ᠠᠳᠬᠤᠵᠤ᠂ ᠠᠶᠤᠯᠭᠦᠢ
  1. ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃     
    
    2.  ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ᠂ ᠪᠦᠲᠦᠮᠵᠢᠲᠡᠶ ᠠᠷᠭᠠᠴᠠᠭᠠᠬᠤ ᠬᠡᠷᠡᠭᠲᠡᠢ᠃ ᠡᠭᠦᠰᠬᠦ ᠪᠣᠯᠣᠮᠵᠢ ᠲᠠᠢ ᠴᠠᠰᠤ ᠣᠷᠣᠬᠤ᠂ ᠮᠥᠰᠥ ᠬᠥᠯᠳᠡᠬᠦ ᠵᠡᠷᠭᠡ ᠮᠠᠭᠤ ᠴᠠᠭ ᠠᠭᠤᠷ ᠲᠤ ᠴᠢᠭᠯᠡᠭᠦᠯᠦᠨ᠂ ᠡᠯ᠎ᠡ ᠠᠵᠤ ᠠᠬᠤᠶᠢᠯᠠᠯ ᠤᠷᠢᠳᠴᠢᠯᠠᠨ ᠪᠠᠶᠢᠷᠢᠯᠠᠭᠤᠯᠵᠤ᠂ ᠡᠯ᠎ᠡ ᠵᠦᠢᠯ ᠤᠨ ᠠᠶᠤᠯᠭᠦᠢ ᠦᠢᠯᠡᠳᠪᠦᠷᠢᠯᠡᠯ ᠤᠨ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃         3.  ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠳᠠᠯᠳᠠ ᠭᠡᠮ ᠢ ᠠᠷᠢᠯᠭᠠᠬᠤ ᠬᠡᠷᠡᠭᠲᠡᠢ᠃ ᠡᠯ᠎ᠡ ᠠᠵᠤ ᠠᠬᠤᠶᠢᠯᠠᠯ ᠵᠢᠯ ᠤᠨ ᠡᠴᠦᠰ ᠵᠢᠯ ᠤᠨ ᠡᠬᠢᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠣᠨᠴᠠᠯᠢᠭ ᠲᠠᠢ ᠤᠶᠠᠯᠳᠤᠭᠤᠯᠤᠨ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠴᠢᠩᠭ᠎ᠠ ᠨᠠᠶᠢᠳᠠᠪᠤᠷᠢᠵᠢᠭᠤᠯᠵᠤ᠂ ᠵᠢᠭᠰᠠᠭᠠᠨ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠂ ᠠᠵᠢᠯᠲᠠᠨ ᠤ ᠠᠮᠤᠷ ᠲᠦᠪᠰᠢᠨ ᠤ ᠦᠵᠡᠯ ᠤᠬᠠᠮᠰᠠᠷ ᠪᠠ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠳᠡᠭᠡᠭᠰᠢᠯᠡᠭᠦᠯᠵᠦ᠂ ᠠᠮᠤᠷ ᠲᠦᠪᠰᠢᠨ ᠤ ᠳᠠᠯᠳᠠ ᠬᠡᠮ ᠡᠭᠦᠰᠬᠦ ᠶᠢ ᠪᠦᠲᠦᠮᠵᠢᠲᠡᠶ ᠬᠤᠷᠢᠭᠯᠠᠬᠤ ᠬᠡᠷᠡᠭᠲᠡᠢ᠃         4. ᠵᠢᠵᠢᠭᠦᠷ ᠢ ᠴᠢᠩᠭᠠᠳᠬᠠᠵᠤ᠂ ᠮᠡᠳᠡᠭᠡ ᠵᠠᠩᠭᠢ ᠶᠢ ᠰᠠᠭᠠᠳ ᠦᠭᠡᠢ ᠨᠡᠪᠲᠡᠷᠡᠭᠦᠯᠬᠦ ᠬᠡᠷᠡᠭᠲᠡᠢ᠃ ᠡᠯ᠎ᠡ ᠠᠵᠤ ᠠᠬᠤᠶᠢᠯᠠᠯ ᠪᠠᠶᠠᠷ ᠤᠨ ᠡᠳᠦᠷ ᠤᠨ ᠬᠤᠭᠤᠴᠠᠭᠠᠨ ᠳᠠᠬᠢ ᠵᠢᠵᠢᠭᠦᠷᠯᠡᠬᠦ ᠠᠵᠢᠯ ᠢᠶᠠᠨ ᠴᠢᠩᠭᠠᠳᠬᠠᠵᠤ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ 24 ᠴᠠᠭ ᠢᠶᠠᠷ ᠵᠢᠵᠢᠭᠦᠷᠯᠡᠬᠦ ᠳᠦᠷᠢᠮ ᠢ ᠴᠢᠩᠭ᠎ᠠ ᠬᠡᠷᠡᠭᠵᠢᠭᠦᠯᠵᠦ᠂ ᠵᠢᠵᠢᠭᠦᠷᠯᠡᠭᠴᠢ ᠪᠦᠬᠦᠨ ᠡᠷᠬᠡᠪᠰᠢ ᠠᠵᠢᠯ ᠤᠨ ᠪᠠᠶᠢᠷᠢ ᠪᠠᠨ ᠪᠠᠲᠤ ᠰᠠᠬᠢᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠳᠤᠷ᠎ᠠ ᠪᠠᠷ ᠢᠶᠠᠨ ᠠᠵᠢᠯ ᠤᠨ ᠪᠠᠶᠢᠷᠢ ᠠᠴᠠ ᠪᠠᠨ ᠰᠠᠯᠬᠤ ᠶᠢ ᠴᠢᠩᠭ᠎ᠠ ᠴᠠᠭᠠᠵᠠᠯᠠᠬᠤ ᠬᠡᠷᠡᠭᠲᠡᠢ᠃ ᠠᠳᠡᠯ ᠭᠠᠷᠤᠭᠰᠠᠨ ᠪᠤᠶᠤ ᠪᠠᠴᠢᠮ ᠪᠠᠶᠢᠳᠠᠯ ᠭᠠᠷᠪᠠᠯ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠴᠠᠭ ᠲᠤᠬᠠᠢ ᠳᠤᠨᠢ ᠦᠨᠡᠨ ᠪᠣᠳᠠᠲᠠᠢ ᠪᠠᠷ ᠳᠡᠭᠡᠭᠰᠢ ᠮᠡᠳᠡᠭᠦᠯᠬᠦ ᠬᠡᠷᠡᠭᠲᠡᠢ᠃      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ  ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号