| | | | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ ᠠᠴᠠ 2025 ᠣᠨ ᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ︵ᠠᠯᠪᠠᠳᠠᠨ ᠤ | ᠬᠠᠤᠯᠢ ᠪᠠᠷ ᠯᠠᠪᠯᠠᠯᠳᠠ ᠪᠣᠯᠭᠠᠨ ᠬᠠᠮᠢᠶᠠᠷᠬᠤ ᠨᠢᠭᠡᠴᠢ︶ ᠶᠢᠨ ᠠᠯᠪᠠᠲᠠᠨ ᠢ ᠢᠯᠡ ᠪᠠᠷ ᠰᠢᠯᠢᠨ ᠰᠣᠩᠭᠤᠬᠤ ᠠᠵᠢᠯ ᠢ | ᠵᠣᠬᠢᠶᠠᠨ ᠪᠠᠶᠢᠭᠤᠯᠵᠤ ᠥᠷᠨᠢᠭᠦᠯᠬᠦ ᠪᠠᠷ ᠲᠣᠭᠲᠠᠪᠠ᠃ | | | | | ᠠᠵᠢᠯ ᠤᠨ ᠪᠠᠶᠢᠷᠢ | | | ᠲᠣᠰ ᠤᠳᠠᠭ᠎ᠠ ᠶᠢᠨ ᠢᠯᠡ ᠪᠠᠷ ᠰᠢᠯᠢᠨ ᠰᠣᠩᠭᠤᠬᠤ ᠠᠵᠢᠯ ᠤᠨ ᠪᠠᠶᠢᠷᠢ ᠨᠢ ᠥᠪᠡᠷᠲᠡᠭᠡᠨ ᠵᠠᠰᠠᠬᠤ | ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠪᠠ ᠠᠯᠪᠠᠲᠠᠨ ᠤ ᠬᠠᠤᠯᠢ ᠪᠠᠷ ᠯᠠᠪᠯᠠᠯᠳᠠ ᠪᠣᠯᠭᠠᠨ ᠬᠠᠮᠢᠶᠠᠷᠬᠤ | ᠨᠢᠭᠡᠴᠢ ᠶᠢᠨ ᠨᠢᠭᠡᠳᠦᠭᠡᠷ ᠳᠡᠰ ᠤᠨ ᠡᠷᠭᠢᠯᠡᠭᠴᠢ ᠭᠡᠰᠢᠭᠦᠴᠢ ᠵᠢᠴᠢ ᠲᠡᠭᠦᠨ ᠠᠴᠠ ᠳᠣᠷᠣᠭᠰᠢᠬᠢ ᠠᠵᠢᠯ ᠤᠨ ᠪᠠᠶᠢᠷᠢ | ᠪᠠᠶᠢᠵᠤ᠂ 245 ᠬᠥᠮᠥᠨ ᠢ ᠰᠢᠯᠢᠨ ᠰᠣᠩᠭᠤᠬᠤ ᠪᠠᠷ ᠲᠥᠯᠥᠪᠯᠡᠵᠦ ᠪᠤᠶ᠃ ᠢᠯᠡ ᠪᠠᠷ ᠰᠢᠯᠢᠨ ᠰᠣᠩᠭᠤᠬᠤ | ᠠᠵᠢᠯ ᠤᠨ ᠪᠠᠶᠢᠷᠢ ᠶᠢ ᠬᠤᠶᠠᠷ ᠲᠥᠷᠥᠯ ᠳᠤ ᠬᠤᠪᠢᠶᠠᠵᠤ᠂ ᠨᠢᠭᠡ ᠲᠥᠷᠥᠯ ᠨᠢ ᠨᠥᠬᠦᠴᠡᠯ ᠳᠤ ᠨᠡᠶᠢᠴᠡᠬᠦ | ᠠᠯᠪᠠᠲᠠᠨ ᠳᠤ ᠬᠠᠨᠳᠤᠭᠤᠯᠵᠤ᠂ ᠨᠥᠭᠦᠭᠡ ᠨᠢᠭᠡ ᠲᠥᠷᠥᠯ ᠨᠢ ᠨᠥᠬᠦᠴᠡᠯ ᠳᠤ ᠨᠡᠶᠢᠴᠡᠭᠰᠡᠨ ᠰᠣᠩᠭᠤᠨ ᠰᠢᠯᠵᠢᠭᠦᠯᠬᠦ | ᠰᠣᠷᠣᠬᠴᠢ ᠳᠤ ᠲᠤᠰᠬᠠᠶᠢᠯᠠᠨ ᠬᠠᠨᠳᠤᠭᠤᠯᠤᠨ᠎ᠠ᠃ | | | | | ᠨᠡᠷ᠎ᠡ ᠮᠡᠳᠡᠭᠦᠯᠬᠦ ᠬᠡᠪᠴᠢᠶ᠎ᠡ | - ᠠᠶᠢᠮᠠᠭ ᠬᠤᠲᠠ ᠵᠢᠴᠢ ᠲᠡᠭᠦᠨ ᠠᠴᠠ ᠳᠣᠷᠣᠭᠰᠢᠬᠢ ᠪᠠᠶᠢᠭᠤᠯᠭ᠎ᠠ ᠳᠤ ᠨᠢᠭᠡᠨᠲᠡ ᠠᠯᠪᠠᠲᠠᠨ ᠤ ᠳᠠᠩᠰᠠᠯᠠᠯ ᠬᠢᠯᠭᠡᠭᠰᠡᠨ
| - ᠪᠥᠭᠡᠳ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠠᠯᠪᠠᠲᠠᠨ᠃
|
|
| - ᠠᠶᠢᠮᠠᠭ ᠬᠤᠲᠠ ᠵᠢᠴᠢ ᠲᠡᠭᠦᠨ ᠠᠴᠠ ᠳᠣᠷᠣᠭᠰᠢᠬᠢ ᠠᠯᠪᠠᠳᠠᠨ ᠤ ᠬᠠᠤᠯᠢ ᠪᠠᠷ ᠯᠠᠪᠯᠠᠯᠳᠠ ᠪᠣᠯᠭᠠᠨ ᠬᠠᠮᠢᠶᠠᠷᠬᠤ
| - ᠨᠢᠭᠡᠴᠢ ᠳᠤ ᠳᠡᠩᠰᠡᠯᠡᠨ ᠲᠡᠮᠳᠡᠭᠯᠡᠭᠰᠡᠨ ᠪᠥᠭᠡᠳ ᠣᠷᠣᠨ ᠲᠤᠭ᠎ᠠ ᠲᠠᠢ ᠠᠵᠢᠯ ᠤᠨ ᠪᠠᠶᠢᠷᠢ ᠳᠤ ᠪᠠᠶᠢᠭ᠎ᠠ ᠠᠵᠢᠯᠲᠠᠨ᠃
| ᠲᠥᠪ ᠪᠠ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ ᠵᠢᠴᠢ ᠲᠡᠭᠦᠨ ᠠᠴᠠ ᠳᠣᠷᠣᠭᠰᠢᠬᠢ ᠣᠷᠣᠨ | ᠨᠤᠲᠤᠭ ᠲᠤ ᠪᠠᠶᠢᠭᠤᠯᠤᠭᠰᠠᠨ ᠪᠠᠶᠢᠭᠤᠯᠭ᠎ᠠ ᠨᠢᠭᠡᠴᠢ ︵ᠡᠭᠴᠡ ᠬᠠᠮᠢᠶᠠᠷᠬᠤ ᠨᠢᠭᠡᠴᠢ᠂ ᠲᠣᠮᠢᠯᠠᠭᠰᠠᠨ ᠨᠢᠭᠡᠴᠢ ᠵᠡᠷᠭᠡ︶ | ᠳᠤ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠪᠡᠯ ᠨᠡᠷ᠎ᠡ ᠮᠡᠳᠡᠭᠦᠯᠵᠦ ᠪᠣᠯᠣᠨ᠎ᠠ᠃ | | | | | ᠨᠡᠷ᠎ᠡ ᠮᠡᠳᠡᠭᠦᠯᠬᠦ | | | ᠲᠣᠰ ᠤᠳᠠᠭ᠎ᠠ ᠢᠯᠡ ᠪᠠᠷ ᠰᠢᠯᠢᠨ ᠰᠣᠩᠭᠤᠬᠤ ᠳᠤ ᠬᠤᠪᠢ ᠬᠥᠮᠥᠨ ᠰᠠᠶᠢᠨ ᠳᠤᠷ᠎ᠠ ᠠᠴᠠ ᠪᠠᠨ ᠮᠡᠳᠡᠭᠦᠯᠬᠦ | ᠶᠢᠨ ᠬᠠᠮᠲᠤ ᠵᠣᠬᠢᠶᠠᠨ ᠪᠠᠶᠢᠭᠤᠯᠤᠯᠲᠠ ᠠᠴᠠ ᠲᠠᠨᠢᠯᠴᠠᠭᠤᠯᠬᠤ ᠠᠷᠭ᠎ᠠ ᠮᠠᠶ᠋ᠢᠭ ᠢᠶᠠᠷ ᠨᠡᠷ᠎ᠡ ᠮᠡᠳᠡᠭᠦᠯᠦᠨ᠎ᠡ᠂ ᠰᠣᠩᠭᠤᠨ | ᠰᠢᠯᠵᠢᠭᠦᠯᠬᠦ ᠰᠣᠷᠣᠬᠴᠢ ᠶᠢᠨ ᠠᠵᠢᠯ ᠤᠨ ᠪᠠᠶᠢᠷᠢ ᠪᠠ ᠪᠤᠰᠤᠳ ᠠᠵᠢᠯ ᠤᠨ ᠪᠠᠶᠢᠷᠢ ᠳᠤ ᠬᠠᠨᠳᠤᠭᠤᠯᠤᠨ ᠰᠠᠯᠭᠠᠨ | ᠨᠡᠷ᠎ᠡ ᠮᠡᠳᠡᠭᠦᠯᠦᠨ᠎ᠡ᠂ ᠰᠣᠩᠭᠤᠨ ᠰᠢᠯᠵᠢᠭᠦᠯᠬᠦ ᠰᠣᠷᠣᠬᠴᠢ ᠶᠢᠨ ᠠᠵᠢᠯ ᠤᠨ ᠪᠠᠶᠢᠷᠢ ᠳᠤ ᠬᠠᠨᠳᠤᠭᠤᠯᠤᠨ ᠨᠡᠷ᠎ᠡ | ᠮᠡᠳᠡᠭᠦᠯᠵᠦ ᠰᠦᠢᠳᠬᠡᠯ ᠲᠤᠰᠢᠶᠠᠭᠰᠠᠨ ᠬᠥᠮᠥᠨ ᠤ ᠲᠤᠭ᠎ᠠ ᠨᠢ ᠰᠢᠯᠭᠠᠯᠲᠠ ᠡᠬᠢᠯᠡᠬᠦ ᠬᠠᠷᠢᠴᠠᠯ ᠳᠤ ᠭᠦᠷᠦᠭᠰᠡᠨ | ᠦᠭᠡᠢ ᠪᠠᠶᠢᠪᠠᠯ᠂ ᠰᠣᠩᠭᠤᠨ ᠰᠢᠯᠵᠢᠭᠦᠯᠬᠦ ᠰᠣᠷᠣᠬᠴᠢ ᠶᠢᠨ ᠬᠢᠵᠠᠭᠠᠷᠯᠠᠯ ᠢ ᠬᠦᠴᠦᠨ ᠦᠭᠡᠢ ᠪᠤᠯᠭᠠᠵᠤ᠂ ᠪᠤᠰᠤᠳ | ᠠᠵᠢᠯ ᠤᠨ ᠪᠠᠶᠢᠷᠢ ᠳᠤ ᠣᠷᠣᠭᠤᠯᠤᠨ ᠰᠢᠯᠢᠨ ᠰᠣᠩᠭᠤᠨ᠎ᠠ᠃ | | | ᠰᠣᠩᠭᠤᠨ ᠰᠢᠯᠵᠢᠭᠦᠯᠬᠦ ᠰᠣᠷᠣᠬᠴᠢ ᠶᠢᠨ ᠲᠤᠰᠢᠶᠠᠯ ᠤᠨ ᠪᠠᠶᠢᠷᠢ ᠶᠢᠨ ᠨᠡᠷ᠎ᠡ ᠮᠡᠳᠡᠭᠦᠯᠬᠦ ᠴᠠᠭ᠄ 2025 | ᠣᠨ ᠤ 2 ᠰᠠᠷ᠎ᠠ ᠶᠢᠨ 13 ᠤ ᠡᠳᠦᠷ ᠤᠨ 9᠄ 00 ᠠᠴᠠ 2 ᠰᠠᠷ᠎ᠠ ᠶᠢᠨ 18 ᠤ ᠡᠳᠦᠷ ᠤᠨ 17᠄ 00᠃ | | | ᠪᠤᠰᠤᠳ ᠲᠤᠰᠢᠶᠠᠯ ᠤᠨ ᠪᠠᠶᠢᠷᠢ ᠶᠢᠨ ᠨᠡᠷ᠎ᠡ ᠮᠡᠳᠡᠭᠦᠯᠬᠦ ᠴᠠᠭ᠄ 2025 ᠣᠨ ᠤ 2 ᠰᠠᠷ᠎ᠠ ᠶᠢᠨ 21 ᠤ | ᠡᠳᠦᠷ ᠤᠨ 9᠄ 00 ᠠᠴᠠ 2 ᠰᠠᠷ᠎ᠠ ᠶᠢᠨ 26 ᠤ ᠡᠳᠦᠷ ᠤᠨ 17᠄ 00᠃ | | | ᠪᠢᠷ ᠤᠨ ᠰᠢᠯᠭᠠᠯᠲᠠ ᠶᠢᠨ ᠴᠠᠭ ᠪᠠ ᠭᠠᠵᠠᠷ | | | ᠪᠢᠷ ᠤᠨ ᠰᠢᠯᠭᠠᠯᠲᠠ ᠶᠢᠨ ᠴᠠᠭ ᠨᠢ 2025 ᠣᠨ ᠤ 3 ᠰᠠᠷ᠎ᠠ ᠶᠢᠨ 16 ᠤ ᠡᠳᠦᠷ ᠤᠨ 9᠄ 00 - 12᠄ | 00᠂ ᠰᠢᠯᠭᠠᠬᠤ ᠭᠠᠵᠠᠷ ᠢ ᠭᠦᠭᠡᠬᠤᠲᠠ ᠳᠤ ᠨᠢᠭᠡᠳᠦᠯᠲᠡᠢ ᠲᠣᠬᠢᠷᠠᠭᠤᠯᠤᠨ᠎ᠠ᠂ ᠪᠣᠳᠠᠲᠠᠢ ᠭᠠᠵᠠᠷ ᠢ ᠰᠢᠯᠭᠠᠭᠤᠯᠬᠤ | ᠵᠥᠪᠰᠢᠶᠡᠷᠡᠯ ᠤᠨ ᠦᠨᠡᠮᠯᠡᠯ ᠠᠴᠠ ᠨᠠᠷᠢᠨ ᠦᠵᠡᠭᠡᠷᠡᠢ᠃ ᠨᠡᠷ᠎ᠡ ᠮᠡᠳᠡᠭᠦᠯᠦᠭᠰᠡᠳ ᠡᠷᠬᠡᠪᠰᠢ ᠰᠢᠯᠭᠠᠭᠤᠯᠬᠤ | ᠵᠥᠪᠰᠢᠶᠡᠷᠡᠯ ᠤᠨ ᠦᠨᠡᠮᠯᠡᠯ ᠪᠠ ᠥᠪᠡᠷ ᠤᠨ ᠪᠡᠶ᠎ᠡ ᠶᠢᠨ ᠦᠨᠡᠮᠯᠡᠯ ︵ᠲᠦᠷ ᠴᠠᠭ ᠤᠨ ᠪᠡᠶ᠎ᠡ ᠶᠢᠨ ᠦᠨᠡᠮᠯᠡᠯ︶ ᠢᠶᠠᠨ | ᠠᠪᠴᠤ ᠪᠢᠷ ᠤᠨ ᠰᠢᠯᠭᠠᠯᠲᠠ ᠳᠤ ᠣᠷᠤᠯᠴᠠᠬᠤ ᠬᠡᠷᠡᠭᠲᠡᠢ᠃ | ᠨᠠᠷᠢᠯᠢᠭ ᠵᠦᠢᠯ ᠢ ᠲᠤᠰ ᠬᠤᠯᠪᠣᠭᠠᠰᠤ ᠶᠢ ᠲᠣᠪᠴᠢᠳᠠᠵᠤ ᠦᠵᠡᠭᠡᠷᠡᠢ︕ | | | | | ᠢᠷᠡᠯᠲᠡ᠄ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠦᠯᠵᠢᠶ᠎ᠡ | |