2024 ᠣᠨ ᠳᠤ ᠬᠥᠬᠡᠬᠤᠲᠠ ᠶᠢᠨ ᠰᠢᠤᠳᠠᠨ ᠤ ᠠᠵᠢᠯ ᠲᠥᠷᠥᠯ ᠤᠨ ᠢᠯᠡᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 21.23% ᠪᠠᠷ ᠨᠡᠮᠡᠭᠳᠡᠪᠡ
ᠨᠡᠶᠢᠲᠡᠯᠡᠭᠰᠡᠨ ᠴᠠᠭ᠄
2025/1/27
      ︵ᠰᠤᠷᠪᠤᠯᠵᠢᠯᠠᠭᠴᠢ ᠰᠦᠩ ᠰᠢᠶᠠᠩ ᠬᠤᠸᠠ︶ 2024 ᠣᠨ ᠳᠤ᠂ ᠬᠥᠬᠡᠬᠤᠲᠠ ᠶᠢᠨ ᠰᠢᠤᠳᠠᠨ ᠤ ᠠᠵᠢᠯ ᠲᠥᠷᠥᠯ ᠤᠨ ᠢᠯᠡᠭᠡᠨ ᠬᠦᠷᠭᠡᠬᠦ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 2.36 ᠳ᠋ᠦᠩᠰᠢᠭᠤᠷ ᠬᠤᠪᠢ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 21.23 % ᠪᠠᠷ ᠨᠡᠮᠡᠭᠳᠡᠪᠡ᠃ ᠡᠭᠦᠨ ᠳᠤ᠂ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 1.64 ᠳ᠋ᠦᠩᠰᠢᠭᠤᠷ ᠬᠤᠪᠢ ᠶᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 35.10% ᠪᠠᠷ ᠨᠡᠮᠡᠭᠳᠡᠪᠡ᠃            2024 ᠣᠨ ᠳᠤ᠂ ᠬᠥᠬᠡᠬᠤᠲᠠ ᠶᠢᠨ ᠬᠤᠲᠠ ᠶᠢᠨ ᠳᠣᠲᠣᠷ᠎ᠠ᠂ ᠣᠨᠳᠣᠣ ᠭᠠᠵᠠᠷ᠂ ᠣᠯᠠᠨ ᠤᠯᠤᠰ / ᠰᠢᠶᠠᠩᠭᠠᠩ ᠣᠣᠮᠧᠨ ᠲᠠᠶᠢᠸᠠᠨ ᠤ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠢ ᠲᠣᠰ ᠲᠣᠰ ᠪᠥᠬᠦ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶᠡᠨ ᠤ 12.08%᠂ 87.23% ᠪᠠ 0.69% ᠶᠢ ᠡᠵᠡᠯᠡᠪᠡ᠃ ᠡᠭᠦᠨ ᠳᠤ᠂ ᠬᠤᠲᠠ ᠶᠢᠨ ᠳᠣᠲᠣᠷᠠᠬᠢ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 1981.47 ᠲᠦᠮᠡᠨ ᠬᠤᠪᠢ ᠶᠢ ᠪᠡᠶᠡᠯᠡᠭᠦᠯᠵᠦ᠂ ᠣᠨᠳᠣᠣ ᠭᠠᠵᠠᠷ ᠤᠨ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 1.43 ᠳ᠋ᠦᠩᠰᠢᠭᠤᠷ ᠬᠤᠪᠢ ᠶᠢ ᠪᠡᠶᠡᠯᠡᠭᠦᠯᠵᠦ᠂ ᠣᠯᠠᠨ ᠤᠯᠤᠰ / ᠰᠢᠶᠠᠩᠭᠠᠩ ᠣᠣᠮᠧᠨ ᠲᠠᠶᠢᠸᠠᠨ ᠤ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠬᠡᠮᠵᠢᠶ᠎ᠡ ᠨᠡᠶᠢᠲᠡ 113.81 ᠲᠦᠮᠡᠨ ᠬᠤᠪᠢ ᠶᠢ ᠪᠡᠶᠡᠯᠡᠭᠦᠯᠪᠡ᠃            2024 ᠣᠨ ᠳᠤ᠂ ᠬᠥᠬᠡᠬᠤᠲᠠ ᠶᠢᠨ ᠰᠢᠤᠳᠠᠨ ᠤ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠣᠷᠣᠯᠭ᠎ᠠ ︵ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠰᠢᠭᠤᠳ ᠡᠵᠡᠩᠨᠡᠯᠲᠡ ᠶᠢᠨ ᠣᠷᠣᠯᠭ᠎ᠠ ᠶᠢ ᠪᠠᠭᠲᠠᠭᠠᠬᠤ ᠦᠭᠡᠢ︶ ᠨᠡᠶᠢᠲᠡ 26.90 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8.79% ᠨᠡᠮᠡᠭᠳᠡᠪᠡ᠃ ᠡᠭᠦᠨ ᠳᠤ᠂ ᠲᠦᠷᠭᠡᠨ ᠬᠦᠷᠭᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠡᠶᠢᠲᠡ 21.16 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 12.28% ᠪᠠᠷ ᠨᠡᠮᠡᠭᠳᠡᠵᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号