| | | | 1 ᠰᠠᠷ᠎ᠠ ᠶᠢᠨ 20 ᠤ ᠡᠳᠦᠷ᠂ ᠲᠣᠭᠤᠷᠢᠭ ᠤᠨ ᠳᠠᠷᠤᠭ᠎ᠠ ᠯᠢ ᠢᠦᠢ ᠵᠢᠶᠣᠣ ᠲᠣᠭᠤᠷᠢᠭ ᠤᠨ ᠵᠠᠰᠠᠭ ᠤᠨ | ᠣᠷᠳᠣᠨ ᠤ 2025 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ | ᠬᠠᠮᠢᠶ᠎ᠠ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ᠃ | | | | | ᠨᠢᠭᠡ᠂ ᠬᠤᠷᠠᠯ ᠳᠤ ᠲᠣᠭᠤᠷᠢᠭ ᠤᠨ ᠬᠠᠤᠯᠢ ᠴᠠᠭᠠᠵᠠ ᠶᠢᠨ ᠲᠣᠪᠴᠢᠶ᠎ᠠ ᠠᠴᠠ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠤᠯᠢ︾᠂ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠬᠠᠤᠯᠢ︾ ︵ᠳᠣᠷᠣᠭᠰᠢ ᠲᠣᠰ ᠲᠣᠰ ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠤᠯᠢ︾᠂ | ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠤᠨ ᠬᠠᠤᠯᠢ︾ ᠭᠡᠵᠦ ᠲᠣᠪᠴᠢᠯᠠᠨ᠎ᠠ︶ ᠶᠢᠨ ᠵᠣᠷᠢᠭ | ᠰᠠᠨᠠᠭ᠎ᠠ ᠶᠢ ᠤᠯᠠᠮᠵᠢᠯᠠᠪᠠ᠃ | | ᠬᠤᠷᠠᠯ ᠠᠴᠠ᠂ ᠨᠢᠭᠡ ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠭᠤᠣᠯ ᠤᠳᠤᠷᠢᠳᠤᠯᠭ᠎ᠠ | ︽ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ ᠡᠰᠡᠷᠭᠦᠴᠡᠬᠦ ᠬᠠᠤᠯᠢ︾ ᠶᠢ ᠲᠦᠷᠦᠭᠦᠯᠡᠨ ᠰᠤᠷᠤᠯᠴᠠᠵᠤ᠂ | ᠬᠠᠤᠯᠢ ᠶᠢᠨ ᠤᠬᠢ ᠰᠣᠳᠣ ᠶᠢ ᠭᠦᠨᠵᠡᠭᠡᠢ ᠣᠶᠢᠯᠠᠭᠠᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠢ | ᠰᠡᠷᠭᠡᠶᠢᠯᠡᠬᠦ ᠴᠢᠳᠠᠪᠤᠷᠢ ᠪᠠᠨ ᠴᠢᠩᠭᠠᠳᠬᠠᠵᠤ᠂ ᠢᠯᠠᠩᠭᠤᠶ᠎ᠠ AI ᠵᠡᠷᠭᠡ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ | ᠠᠷᠭ᠎ᠠ ᠪᠠᠷᠢᠯ ᠴᠠᠬᠢᠯᠭᠠᠨ ᠬᠤᠯᠪᠣᠭᠠᠨ ᠤ ᠰᠦᠯᠵᠢᠶᠡᠨ ᠤ ᠮᠡᠬᠡᠯᠡᠯ ᠢ ᠰᠡᠷᠭᠡᠶᠢᠯᠡᠨ ᠠᠰᠢᠭᠯᠠᠬᠤ ᠴᠢᠳᠠᠪᠤᠷᠢ ᠪᠠᠨ | ᠳᠡᠭᠡᠭᠰᠢᠯᠡᠭᠦᠯᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠤᠬᠠᠭᠤᠯᠬᠤ ᠡᠷᠴᠢᠮ ᠢᠶᠠᠨ | ᠴᠢᠩᠭᠠᠷᠠᠭᠤᠯᠵᠤ᠂ ᠬᠠᠤᠯᠢ ᠴᠠᠭᠠᠵᠠ ᠶᠢᠨ ᠵᠡᠪᠰᠡᠭ ᠢᠶᠠᠷ ᠴᠠᠬᠢᠯᠭᠠᠨ ᠬᠤᠯᠪᠣᠭ᠎ᠠ ᠶᠢ ᠰᠡᠷᠭᠡᠶᠢᠯᠡᠬᠦ᠂ ᠴᠠᠬᠢᠯᠭᠠᠨ | ᠬᠤᠯᠪᠣᠭ᠎ᠠ ᠰᠦᠯᠵᠢᠶᠡᠨ ᠤ ᠮᠡᠬᠡᠯᠡᠯ ᠢ ᠰᠡᠷᠭᠡᠶᠢᠯᠡᠬᠦ ᠴᠢᠳᠠᠪᠤᠷᠢ ᠪᠠ ᠲᠦᠪᠰᠢᠨ ᠢᠶᠠᠨ ᠳᠡᠭᠡᠭᠰᠢᠯᠡᠭᠦᠯᠵᠦ᠂ ᠠᠷᠠᠳ | ᠤᠯᠠᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ᠃ ᠬᠤᠶᠠᠷ ᠲᠤ᠂ ᠡᠯ᠎ᠡ ᠭᠠᠵᠠᠷ | ᠣᠷᠣᠨ ᠡᠯ᠎ᠡ ᠰᠠᠯᠠᠭ᠎ᠠ ᠮᠥᠴᠢᠷ ᠤᠨ ᠬᠢᠨ ︽ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠤᠨ | ᠬᠠᠤᠯᠢ︾ ᠶᠢ ᠭᠦᠨᠵᠡᠭᠡᠢ ᠰᠤᠷᠤᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠦᠨᠳᠦᠰᠦᠲᠡᠨ ᠤ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠦᠭᠡ ᠬᠡᠯᠡ ᠦᠰᠦᠭ ᠪᠢᠴᠢᠭ ᠤᠨ | ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠷᠢᠨ ᠪᠦᠲᠦᠨ ᠣᠨᠣᠪᠴᠢᠲᠠᠶ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠠᠵᠢᠯ ᠤᠨ ᠭᠤᠣᠯ ᠰᠢᠵᠢᠮ ᠪᠣᠯᠭᠠᠵᠤ᠂ ︽ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠬᠠᠤᠯᠢ︾ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠶᠡᠬᠡᠪᠡᠷ ᠳᠡᠯᠭᠡᠷᠡᠭᠦᠯᠦᠨ ᠲᠦᠭᠡᠮᠡᠯᠵᠢᠭᠦᠯᠵᠦ᠂ | ᠨᠡᠶᠢᠲᠡᠯᠢᠭ ᠬᠡᠯᠡ ᠶᠢ ᠰᠠᠶᠢᠲᠤᠷ ᠬᠡᠷᠡᠭᠯᠡᠬᠦ᠂ ᠵᠢᠷᠤᠮᠵᠢᠯ ᠲᠠᠢ ᠦᠰᠦᠭ ᠪᠢᠴᠢᠭ ᠢ ᠰᠠᠶᠢᠲᠤᠷ ᠬᠡᠷᠡᠭᠯᠡᠬᠦ ᠤᠬᠠᠮᠰᠠᠷ ᠢᠶᠠᠨ | ᠦᠨᠡᠨᠬᠦ ᠴᠢᠩᠭᠠᠳᠬᠠᠬᠤ ᠬᠡᠷᠡᠭᠲᠡᠢ᠃ | | | | | ᠬᠤᠶᠠᠷ᠂ ᠬᠤᠷᠠᠯ ᠳᠤ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠠᠴᠠ | ᠶᠡᠷᠦᠩᠬᠡᠢ ᠱᠦᠵᠢ ᠰᠢ ᠶᠢᠨ ᠫᠢᠩ ᠤᠨ ᠲᠥᠪᠡᠳ ᠤᠨ ᠰᠢᠭᠠᠽᠧ ᠬᠤᠲᠠ ᠶᠢᠨ ᠳ᠋ᠢᠩ ᠿᠢ ᠰᠢᠶᠠᠨ ᠤ 6.8 ᠲᠠᠰ ᠤᠨ | ᠭᠠᠵᠠᠷ ᠬᠥᠳᠡᠯᠦᠯᠲᠡ ᠶᠢᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠡᠪ | ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ︽ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠠᠷᠭ᠎ᠠ︾ ᠶᠢᠨ ᠵᠣᠷᠢᠭ | ᠰᠠᠨᠠᠭ᠎ᠠ ᠶᠢ ᠤᠯᠠᠮᠵᠢᠯᠠᠭᠰᠠᠨ ᠪᠥᠭᠡᠳ ᠨᠢᠭᠡᠳᠦᠭᠡᠷ ᠤᠯᠠᠷᠢᠯ ᠤᠨ ᠠᠶᠤᠯᠭᠦᠢ ᠦᠢᠯᠡᠳᠪᠦᠷᠢᠯᠡᠯ ᠤᠨ ᠠᠵᠢᠯ ᠢ | ᠲᠣᠬᠢᠷᠠᠭᠤᠯᠤᠨ ᠪᠠᠶᠢᠷᠢᠯᠠᠭᠤᠯᠪᠠ᠃ | | ᠬᠤᠷᠠᠯ ᠠᠴᠠ᠂ ᠵᠢᠯ ᠤᠨ ᠡᠴᠦᠰ ᠵᠢᠯ ᠤᠨ ᠡᠬᠢᠨ ᠤ ᠠᠵᠢᠯ ᠤᠨ ᠡᠭᠦᠷᠭᠡ ᠬᠦᠨᠳᠦ᠂ ᠴᠠᠭᠠᠨ ᠰᠠᠷ᠎ᠠ | ᠣᠶᠢᠷᠠᠳᠴᠤ᠂ ᠠᠶᠤᠯ ᠲᠦᠭᠰᠢᠭᠦᠷᠢ ᠥᠷᠢᠰᠦᠯᠳᠦᠭᠡᠨ ᠣᠯᠠᠰᠢᠷᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ | ᠠᠶᠤᠯᠭᠦᠢ ᠦᠢᠯᠡᠳᠪᠦᠷᠢᠯᠡᠯ᠂ ᠤᠯᠠᠨ ᠲᠦᠮᠡᠨ ᠤ ᠠᠮᠤᠷ ᠲᠦᠪᠰᠢᠨ ᠳᠤᠯᠠᠭᠠᠨ ᠪᠦᠯᠢᠶᠡᠨ ᠡᠪᠦᠯᠵᠢᠬᠦ ᠪᠠ | ᠨᠡᠶᠢᠭᠡᠮ ᠤᠨ ᠲᠣᠭᠲᠠᠭᠤᠨ ᠵᠡᠷᠭᠡ ᠠᠵᠢᠯ ᠢ ᠰᠠᠶᠢᠲᠤᠷ ᠬᠢᠬᠦ ᠳᠤ ᠨᠡᠩ ᠶᠡᠭᠡ ᠰᠢᠨ᠎ᠡ ᠰᠢᠯᠭᠠᠯᠲᠠ ᠳᠤ ᠲᠤᠯᠭᠠᠷᠠᠵᠤ | ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ | ᠨᠠᠶᠢᠳᠠᠪᠤᠷᠢᠵᠢᠭᠤᠯᠵᠤ᠂ ︽ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠨᠢᠭᠡ ᠠᠵᠢᠯ ᠤᠨ ᠪᠠᠶᠢᠷᠢ ᠳᠤ ᠬᠤᠣᠰ | ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠬᠤ᠂ ᠲᠤᠰᠢᠶᠠᠯ ᠳᠠᠭᠠᠨ ᠣᠰᠣᠯᠳᠠᠪᠠᠯ | ᠬᠠᠷᠢᠭᠤᠴᠠᠯᠭ᠎ᠠ ᠨᠡᠬᠡᠮᠵᠢᠯᠡᠬᠦ︾ ᠪᠠ ︽ᠭᠤᠷᠪᠠ ᠶᠢ ᠬᠠᠮᠢᠶᠠᠷᠴᠤ ᠭᠤᠷᠪᠠᠨ ᠡᠷᠬᠡᠪᠰᠢ︾ ᠶᠢᠨ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠭᠡᠮ ᠰᠣᠭᠤᠭ ᠢ ᠪᠠᠶᠢᠴᠠᠭᠠᠨ ᠴᠡᠭᠴᠡᠯᠡᠨ ᠵᠠᠰᠠᠬᠤ ᠶᠢ ᠴᠢᠩᠭᠠᠳᠬᠠᠵᠤ᠂ ᠬᠠᠮᠢᠶᠠᠷᠤᠨ ᠡᠵᠡᠮᠳᠡᠬᠦ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠦᠨᠡᠨᠬᠦ ᠪᠠᠲᠤ | ᠰᠠᠬᠢᠵᠤ᠂ ᠤᠯᠠᠨ ᠲᠦᠮᠡᠨ ᠤ ᠠᠮᠤᠷ ᠠᠮᠤᠭᠤᠯᠠᠩ ᠥᠯᠵᠡᠢ ᠪᠡᠯᠭᠡ ᠲᠠᠢ ᠴᠠᠭᠠᠨ ᠰᠠᠷ᠎ᠠ ᠪᠠᠨ ᠥᠩᠭᠡᠷᠡᠭᠦᠯᠬᠦ ᠶᠢ | ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | | | ᠭᠤᠷᠪᠠ᠂ ᠬᠤᠷᠠᠯ ᠠᠴᠠ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠴᠠᠭᠠᠨ ᠰᠠᠷ᠎ᠠ ᠶᠢᠨ | ᠬᠡᠷᠡᠭᠯᠡᠭᠡ ᠶᠢ ᠠᠬᠢᠭᠤᠯᠬᠤ ᠠᠵᠢᠯᠯᠠᠭ᠎ᠠ᠂ ᠲᠣᠭᠤᠷᠢᠭ ᠤᠨ ᠰᠣᠶᠣᠯ ᠵᠢᠭᠤᠯᠴᠢᠯᠠᠯ ᠤᠨ ᠲᠣᠪᠴᠢᠶ᠎ᠠ ᠶᠢᠨ ᠰᠣᠶᠣᠯ | ᠵᠢᠭᠤᠯᠴᠢᠯᠠᠯ ᠤᠨ ᠠᠵᠢᠯᠯᠠᠭ᠎ᠠ ᠵᠢᠴᠢ ᠠᠮᠤᠷ ᠲᠦᠪᠰᠢᠨ ᠤ ᠪᠠᠲᠤᠯᠠᠭ᠎ᠠ ᠶᠢᠨ ᠪᠠᠶᠢᠳᠠᠯ ᠤᠨ ᠲᠤᠬᠠᠢ ᠬᠠᠷᠢᠭᠤ | ᠮᠡᠳᠡᠭᠦᠯᠦᠯᠲᠡ ᠶᠢ ᠰᠣᠨᠣᠰᠪᠠ᠃ | | ᠬᠤᠷᠠᠯ ᠠᠴᠠ᠂ ᠨᠢᠭᠡ ᠳᠤ᠂ ᠠᠵᠤ ᠠᠬᠤᠶᠢᠯᠠᠯ ᠲᠠᠢ ᠢᠳᠡᠪᠬᠢᠲᠡᠢ ᠵᠣᠯᠭᠠᠭᠤᠯᠵᠤ᠂ ᠨᠠᠷᠢᠨ ᠨᠢᠮᠪᠠᠢ | ᠲᠣᠬᠢᠷᠠᠭᠤᠯᠤᠨ ᠪᠠᠶᠢᠷᠢᠯᠠᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠷᠠᠳ ᠲᠤ ᠠᠰᠢᠭ ᠬᠦᠷᠲᠡᠭᠡᠵᠦ | ᠬᠡᠷᠡᠭᠯᠡᠭᠡ ᠶᠢ ᠠᠬᠢᠭᠤᠯᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠡᠯ᠎ᠡ ᠲᠦᠷᠦᠯ ᠤᠨ | ᠨᠥᠬᠦᠪᠦᠷᠢ ᠶᠢᠨ ᠬᠠᠷᠠᠭᠠᠯᠵᠠᠯ ᠦᠵᠡᠭᠦᠯᠬᠦ ᠵᠡᠷᠭᠡ ᠠᠷᠠᠳ ᠲᠤ ᠠᠰᠢᠭ ᠬᠦᠷᠲᠡᠭᠡᠬᠦ ᠲᠦᠷᠦ ᠶᠢᠨ ᠪᠣᠳᠣᠯᠭ᠎ᠠ ᠶᠢ | ᠥᠨᠳᠥᠷ ᠪᠦᠲᠦᠮᠵᠢᠲᠡᠢ ᠨᠠᠶᠢᠳᠠᠪᠤᠷᠢᠵᠢᠭᠤᠯᠵᠤ᠂ ᠡᠯ᠎ᠡ ᠲᠦᠷᠦᠯ ᠤᠨ ᠰᠢᠨ᠎ᠡ ᠵᠠᠭᠤᠴᠢᠯᠠᠭᠤᠷ ᠵᠡᠷᠭᠡ ᠶᠢ ᠭᠦᠢᠴᠡᠳ | ᠠᠰᠢᠭᠯᠠᠵᠤ᠂ ᠠᠵᠢᠯᠯᠠᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠰᠠᠶᠢᠨ ᠰᠠᠶᠢᠬᠠᠨ ᠬᠡᠷᠡᠭᠯᠡᠭᠡᠨ ᠤ | ᠣᠷᠴᠢᠨ ᠲᠣᠭᠤᠷᠢᠨ ᠢ ᠪᠤᠢ ᠪᠣᠯᠭᠠᠵᠤ᠂ ᠠᠵᠢᠯᠯᠠᠭ᠎ᠠ ᠶᠢᠨ ᠨᠥᠯᠥᠭᠡᠯᠡᠬᠦ ᠬᠦᠴᠦᠨ ᠢ ᠥᠷᠭᠡᠳᠬᠡᠬᠦ ᠬᠡᠷᠡᠭᠲᠡᠢ᠃ | ᠬᠤᠶᠠᠷ ᠲᠤ᠂ ᠴᠠᠭᠠᠨ ᠰᠠᠷ᠎ᠠ᠂ ᠴᠠᠭᠠᠨ ᠰᠠᠷ᠎ᠠ ᠶᠢᠨ ᠠᠷᠪᠠᠨ ᠲᠠᠪᠤᠨ ᠤ ᠪᠠᠶᠠᠷ ᠤᠨ ᠬᠤᠭᠤᠴᠠᠭᠠᠨ ᠳᠠᠬᠢ ᠡᠯ᠎ᠡ | ᠵᠦᠢᠯ ᠤᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠲᠣᠬᠢᠷᠠᠭᠤᠯᠵᠤ᠂ | ᠠᠵᠢᠯᠯᠠᠭ᠎ᠠ ᠶᠢᠨ ᠠᠮᠤᠷ ᠲᠦᠪᠰᠢᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠡᠯ᠎ᠡ ᠭᠠᠵᠠᠷ ᠣᠷᠣᠨ | ᠲᠦᠷᠦᠭᠦᠯᠡᠨ ᠶᠡᠷᠦᠩᠬᠡᠶᠢᠯᠡᠨ ᠠᠳᠬᠤᠵᠤ᠂ ᠵᠠᠬ᠎ᠠ ᠳᠡᠯᠭᠡᠭᠦᠷ᠂ ᠬᠤᠲᠠ ᠶᠢᠨ ᠬᠠᠮᠢᠶᠠᠷᠤᠯᠲᠠ᠂ ᠳᠣᠲᠣᠭᠠᠳᠤ ᠶᠢ | ᠬᠠᠮᠠᠭᠠᠯᠠᠬᠤ᠂ ᠭᠠᠯ ᠤᠨᠲᠠᠷᠠᠭᠠᠬᠤ ᠵᠡᠷᠭᠡ ᠡᠯ᠎ᠡ ᠨᠢᠭᠡᠴᠡ ᠨᠦᠭᠦᠳ ᠵᠣᠬᠢᠴᠠᠯᠳᠤᠨ ᠬᠤᠯᠪᠤᠭᠠᠯᠠᠨ ᠬᠥᠳᠡᠯᠦᠯᠴᠡᠵᠦ᠂ | ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠦᠨᠳᠦᠰᠦᠯᠡᠨ᠂ ᠮᠥᠰᠥ ᠴᠠᠰᠤᠨ ᠤ ᠠᠵᠢᠯᠯᠠᠭ᠎ᠠ᠂ ᠴᠠᠭᠠᠨ ᠰᠠᠷ᠎ᠠ ᠶᠢᠨ ᠰᠢᠨ᠎ᠡ ᠠᠵᠢᠯᠯᠠᠭ᠎ᠠ ᠶᠢ ᠤᠭᠲᠤᠬᠤ ᠵᠡᠷᠭᠡ | ᠲᠤᠬᠠᠢ ᠶᠢᠨ ᠲᠠᠯᠠᠪᠤᠷ ᠤᠨ ᠵᠤᠭ᠎ᠠ ᠴᠡᠩᠭᠡᠯ ᠤᠨ ᠪᠡᠯᠡᠳᠬᠡᠮᠵᠢ ᠶᠢᠨ ᠠᠮᠤᠷ ᠲᠦᠪᠰᠢᠨ ᠤ ᠪᠠᠶᠢᠴᠠᠭᠠᠨ ᠬᠡᠮᠵᠢᠯᠲᠡ᠂ | ᠰᠢᠲᠠᠮᠠᠬᠠᠢ ᠬᠡᠢ ᠶᠢᠨ ᠠᠮᠤᠷ ᠲᠦᠪᠰᠢᠨ᠂ ᠳᠤᠯᠠᠭᠠᠯᠠᠭ᠎ᠠ ᠶᠢᠨ ᠠᠮᠤᠷ ᠲᠦᠪᠰᠢᠨ᠂ ᠢᠳᠡᠭᠡᠨ ᠤ ᠠᠮᠤᠷ ᠲᠦᠪᠰᠢᠨ᠂ ᠡᠮᠬᠢ | ᠳᠢᠭᠯᠢᠮ ᠤᠨ ᠬᠠᠮᠠᠭᠠᠯᠠᠯᠲᠠ᠂ ᠠᠮᠤᠷ ᠲᠣᠭᠲᠠᠭᠤᠨ ᠢ ᠬᠠᠮᠠᠭᠠᠯᠠᠬᠤ ᠵᠡᠷᠭᠡ ᠠᠮᠤᠷ ᠲᠦᠪᠰᠢᠨ ᠤ ᠰᠡᠷᠭᠡᠶᠢᠯᠡᠯᠲᠡ ᠶᠢᠨ | ᠠᠷᠭ᠎ᠠ ᠬᠡᠮᠵᠢᠶ᠎ᠡ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ | | ᠬᠤᠷᠠᠯ ᠠᠴᠠ ᠪᠠᠰᠠ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ | ᠵᠠᠰᠠᠬᠤ ᠵᠡᠷᠭᠡ ᠪᠤᠰᠤᠳ ᠭᠤᠣᠯᠳᠠᠯᠭ᠎ᠠ ᠲᠠᠢ ᠠᠵᠢᠯ ᠤᠨ ᠶᠠᠪᠤᠳᠠᠯ ᠢ ᠲᠣᠬᠢᠷᠠᠭᠤᠯᠤᠨ ᠪᠠᠶᠢᠷᠢᠯᠠᠭᠤᠯᠵᠠᠢ᠃ | | | | | | | | ᠢᠷᠡᠯᠳᠡ ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |