| | | ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ | ᠥᠷᠲᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ᠥᠷᠭᠡᠨ ᠣᠯᠠᠨ ᠰᠠᠭᠤᠭᠠᠯᠢ ᠠᠷᠠᠳ ᠤᠨ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ 12 ᠰᠠᠷ᠎ᠠ ᠶᠢᠨ 31 ᠤ ᠡᠳᠦᠷ᠂ ᠰᠠᠶᠢᠬᠠᠨ ᠲᠣᠭᠤᠷᠢᠭ ᠤᠨ ᠰᠢᠨ᠎ᠡ | ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠰᠠᠶᠢᠬᠠᠨ ᠲᠣᠭᠤᠷᠢᠭ ᠤᠨ ᠸᠠᠨ ᠳ᠋ᠠ ᠲᠠᠯᠠᠪᠠᠶ ᠳᠤ ︽ᠪᠢ | ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ ᠰᠢᠨ᠎ᠡ ᠵᠢᠯ ᠢ ᠥᠩᠭᠡᠷᠡᠭᠦᠯᠪᠡ︾ - | ᠪᠣᠳᠠᠰ ᠤᠨ ᠪᠤᠰᠤ ᠰᠣᠶᠣᠯ ᠤᠨ ᠥᠪ ᠤᠨ ᠰᠣᠨᠢᠷᠬᠠᠯ ᠢ ᠣᠶᠢᠯᠠᠭᠠᠬᠤ ᠭᠤᠣᠯ ᠰᠡᠳᠦᠪᠲᠦ ᠠᠵᠢᠯᠯᠠᠭ᠎ᠠ ᠥᠷᠨᠢᠭᠦᠯᠵᠦ᠂ | ᠰᠠᠭᠤᠭᠠᠯᠢ ᠠᠷᠠᠳ ᠢ ᠳᠠᠭᠠᠭᠤᠯᠤᠨ ᠳᠠᠷᠤᠮᠯᠠᠭᠰᠠᠨ ᠰᠣᠶᠣᠯ ᠤᠨ ᠰᠠᠭᠤᠷᠢ ᠪᠠ ᠤᠷᠠᠯᠢᠭ ᠤᠨ ᠷᠢᠳᠢ ᠰᠢᠳᠢ ᠶᠢ | ᠣᠶᠢᠯᠠᠭᠠᠪᠠ᠃ | | | | | | | | | | | | ᠲᠣᠰ ᠤᠳᠠᠭᠠᠨ ᠤ ᠠᠵᠢᠯᠯᠠᠭ᠎ᠠ ᠰᠠᠭᠤᠭᠠᠯᠢ ᠠᠷᠠᠳ ᠲᠤ ᠳᠠᠷᠤᠮᠯᠠᠬᠤ ᠬᠠᠪᠤ ᠴᠡᠩᠭᠡᠯ ᠢ ᠮᠡᠳᠡᠷᠡᠭᠦᠯᠦᠭᠰᠡᠨ ᠢᠶᠠᠷ | ᠪᠠᠷᠠᠬᠤ ᠦᠭᠡᠢ᠂ ᠨᠠᠩ ᠴᠤ ᠪᠣᠳᠠᠰ ᠤᠨ ᠪᠤᠰᠤ ᠰᠣᠶᠣᠯ ᠤᠨ ᠰᠢᠨ᠎ᠡ ᠠᠮᠢᠵᠢᠷᠠᠯ ᠤᠨ ᠬᠦᠴᠦᠨ ᠢ ᠪᠠᠳᠠᠷᠠᠭᠤᠯᠤᠭᠰᠠᠨ | ᠪᠠᠶᠢᠨ᠎ᠠ᠃ ᠰᠠᠭᠤᠭᠠᠯᠢ ᠠᠷᠠᠳ ᠥᠪᠡᠷ ᠢᠶᠠᠨ ᠳᠠᠪᠲᠠᠨ ᠬᠡᠪᠯᠡᠬᠦ ᠪᠠᠷ ᠳᠠᠮᠵᠢᠨ᠂ ᠪᠣᠳᠠᠰ ᠤᠨ ᠪᠤᠰᠤ ᠰᠣᠶᠣᠯ ᠤᠨ | ᠠᠭᠤᠯᠤᠭᠳᠠᠬᠤᠨ ᠪᠠ ᠦᠨ᠎ᠡ ᠦᠷᠳᠡᠭ ᠢ ᠭᠦᠨᠵᠡᠭᠡᠢ ᠣᠶᠢᠯᠠᠭᠠᠪᠠ᠃ ᠪᠠᠶᠠᠷ ᠪᠠᠶᠠᠰᠬᠤᠯᠠᠩ ᠢᠶᠠᠷ ᠪᠢᠯᠬᠠᠭᠰᠠᠨ | ᠳᠠᠷᠤᠮᠠᠯᠯᠠᠯ ᠨᠢ ᠪᠠᠶᠠᠷ ᠤᠨ ᠡᠳᠦᠷ ᠤᠨ ᠵᠥᠩᠨᠡᠯ ᠵᠢᠴᠢ ᠰᠠᠭᠤᠭᠠᠯᠢ ᠠᠷᠠᠳ ᠤᠨ ᠰᠠᠶᠢᠨ ᠰᠠᠶᠢᠬᠠᠨ ᠠᠮᠢᠳᠤᠷᠠᠯ ᠤᠨ | ᠲᠤᠬᠠᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠳᠠᠭ᠃ | | | | | | | ᠡᠨᠡ ᠵᠢᠯ ᠠᠴᠠ᠂ ᠰᠠᠶᠢᠬᠠᠨ ᠲᠣᠭᠤᠷᠢᠭ︽ᠰᠠᠶᠢᠬᠠᠨ ᠪᠣᠯᠪᠠᠰᠤᠨ ᠤ ᠪᠣᠯᠵᠤᠭ᠎ᠠ︾ ᠪᠣᠯᠪᠠᠰᠤᠨ ᠦᠢᠯᠡᠳᠦᠯᠭᠡ | ᠶᠢᠨ ᠠᠵᠢᠯᠯᠠᠭ᠎ᠠ ᠶᠢᠨ ᠨᠡᠷᠡᠲᠦ ᠲᠡᠮᠳᠡᠭ ᠢ ᠬᠦᠴᠦᠯᠡᠨ ᠡᠭᠦᠳᠴᠡᠢ᠃ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠬᠤ ᠪᠠ ᠤᠯᠠᠮᠵᠢᠯᠠᠬᠤ ᠲᠠᠯ᠎ᠠ ᠪᠠᠷ᠂ ᠰᠠᠶᠢᠬᠠᠨ ᠲᠣᠭᠤᠷᠢᠭ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ | ᠦᠢᠯᠡᠳᠦᠯᠭᠡ ᠶᠢᠨ ᠲᠥᠪ ᠡᠯ᠎ᠡ ᠭᠠᠵᠠᠷ ᠤᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ᠂ | ᠸᠠᠨ ᠳ᠋ᠠ ᠠᠭᠤᠳᠠᠮ ᠲᠠᠯᠠᠪᠠᠶ᠂ ᠮᠤᠤᠶᠧ ᠮᠦᠸᠧ ᠡᠯ ᠬᠤᠲᠠ ᠶᠢᠨ ᠪᠣᠯᠪᠠᠰᠤᠨ ᠤ ᠦᠢᠯᠡᠳᠦᠯᠭᠡ ᠶᠢᠨ ᠵᠡᠭᠡᠯᠢ | ᠲᠣᠭᠤᠷᠢᠭ᠂ ᠪᠢᠴᠢᠬᠠᠨ ᠡᠪᠡᠰᠦᠨ ᠤ ᠴᠡᠴᠡᠷᠯᠢᠭ ᠵᠡᠷᠭᠡ ᠲᠠᠯᠠᠪᠤᠷ ᠲᠤ ᠲᠦᠰᠢᠭᠯᠡᠨ᠂ ᠤᠯᠠᠮᠵᠢᠯᠠᠯᠲᠤ ᠪᠠᠶᠠᠷ ᠤᠨ | ᠡᠳᠦᠷ ᠤᠨ ᠲᠣᠭᠤᠷᠢᠨ ᠳᠤ ︽ᠬᠠᠪᠤᠷ ᠤᠨ ᠡᠳᠦᠷ ᠤᠨ ᠰᠣᠶᠣᠯ ᠤᠨ ᠥᠪ ᠢ ᠬᠠᠮᠠᠭᠠᠯᠠᠬᠤ︾ ᠪᠣᠳᠠᠰ ᠤᠨ ᠪᠤᠰᠤ | ᠰᠣᠶᠣᠯ ᠤᠨ ᠥᠪ ᠢ ᠬᠠᠮᠠᠭᠠᠯᠠᠬᠤ ᠪᠠ ᠤᠯᠠᠮᠵᠢᠯᠠᠨ ᠤᠬᠠᠭᠤᠯᠬᠤ ᠳᠡᠯᠭᠡᠨ ᠦᠵᠡᠭᠦᠯᠬᠦ ᠠᠵᠢᠯᠯᠠᠭ᠎ᠠ ᠵᠢᠴᠢ ᠴᠠᠭᠠᠰᠤᠨ | ᠬᠠᠶᠢᠴᠢᠯᠠᠮᠠᠯ᠂ ᠲᠡᠮᠦᠷᠯᠢᠭ ᠰᠢᠷᠬᠡᠭ᠂ ᠰᠢᠪᠠᠷ ᠱᠤᠭᠤᠮᠠᠯ ᠵᠡᠷᠭᠡ ᠪᠣᠳᠠᠰ ᠤᠨ ᠪᠤᠰᠤ ᠰᠣᠶᠣᠯ ᠤᠨ ᠦᠵᠡᠭᠦᠯᠦᠯᠭᠡ ᠶᠢᠨ | ᠠᠵᠢᠯᠯᠠᠭ᠎ᠠ ᠥᠷᠨᠢᠭᠦᠯᠵᠦ᠂ ᠥᠷᠭᠡᠨ ᠣᠯᠠᠨ ᠲᠦᠮᠡᠨ ᠤ ᠬᠦᠷᠢᠶᠡᠯᠡᠯ ᠢ ᠣᠯᠣᠭᠰᠠᠨ ᠪᠠᠶᠢᠨ᠎ᠠ᠃ | | | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |