ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠥᠨᠳᠥᠷᠯᠡᠯ᠎ᠡ
ᠨᠡᠶᠢᠲᠡᠯᠡᠭᠰᠡᠨ ᠴᠠᠭ᠄
2025/1/6
      2024 ᠣᠨ ᠤ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠮᠠᠩᠯᠠᠢ ᠰᠢᠯᠭᠠᠷᠠᠭᠤᠯᠬᠤ ᠤᠷᠤᠯᠳᠤᠭᠠᠨ ᠤ U15 - 14 ᠳᠤᠭᠤᠶᠢᠯᠠᠩ ᠤᠨ ᠤᠷᠤᠯᠳᠤᠭᠠᠨ 2024 ᠣᠨ ᠤ 12 ᠰᠠᠷ᠎ᠠ ᠶᠢᠨ 28 ᠤ ᠡᠳᠦᠷ ᠭᠦᠭᠡᠬᠤᠲᠠ ᠳᠤ ᠲᠡᠭᠦᠰ ᠠᠮᠵᠢᠯᠲᠠ ᠲᠠᠢ ᠥᠨᠳᠥᠷᠯᠡᠪᠡ᠃ ᠲᠤᠰ ᠤᠷᠤᠯᠳᠤᠭᠠᠨ ᠳᠤ ᠮᠠᠨ ᠤ ᠣᠷᠣᠨ ᠤ ᠡᠯ᠎ᠡ ᠠᠶᠢᠮᠠᠭ ᠬᠤᠲᠠ ᠠᠴᠠ ᠢᠷᠡᠭᠰᠡᠨ 25 ᠡᠩᠨᠡᠭᠡ ᠣᠷᠣᠯᠴᠠᠵᠠᠢ᠃ᠲᠣᠰ ᠤᠳᠠᠭᠠᠨ ᠤ ᠤᠷᠤᠯᠳᠤᠭᠠᠨ ᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠭᠢᠯᠡᠵᠦ᠂ ᠪᠡᠭᠡᠵᠢᠩ ᠤᠨ ᠯᠠᠨ ᠤᠦ ᠶᠤᠸᠠᠢ ᠳ᠋ᠦᠩ ᠪᠡᠶ᠎ᠡ ᠶᠢᠨ ᠲᠠᠮᠢᠷ ᠤᠨ ᠰᠣᠶᠣᠯ ᠤᠨ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ ᠤᠨ ᠬᠢᠵᠠᠭᠠᠷᠲᠤ ᠺᠤᠮᠫᠠᠨᠢ ᠳᠠᠭᠠᠭᠠᠴᠢᠯᠠᠨ ᠡᠷᠭᠢᠯᠡᠪᠡ᠃ ᠤᠷᠤᠯᠳᠤᠭᠠᠨ ᠨᠢ ᠵᠠᠯᠠᠭᠤᠴᠤᠳ ᠪᠠᠭᠠᠴᠤᠳ ᠲᠤ ᠬᠥᠯ ᠪᠥᠮᠪᠦᠭᠡ ᠶᠢᠨ ᠤᠷ᠎ᠠ ᠮᠡᠷᠭᠡᠵᠢᠯ ᠤᠨ ᠰᠣᠯᠢᠯᠴᠠᠭ᠎ᠠ ᠪᠣᠯᠣᠨ ᠦᠵᠡᠭᠦᠯᠭᠡ ᠶᠢᠨ ᠲᠠᠪᠴᠠᠩ ᠬᠠᠩᠭᠠᠭᠰᠠᠨ ᠢᠶᠠᠷ ᠪᠠᠷᠠᠬᠤ ᠦᠭᠡᠢ᠂ ᠨᠠᠩ ᠴᠤ ᠮᠠᠨ ᠤ ᠣᠷᠣᠨ ᠤ ᠵᠠᠯᠠᠭᠤᠴᠤᠳ ᠪᠠᠭᠠᠴᠤᠳ ᠤᠨ ᠬᠥᠯ ᠪᠥᠮᠪᠦᠭᠡ ᠶᠢᠨ ᠬᠥᠳᠡᠯᠭᠡᠭᠡᠨ ᠤ ᠬᠥᠭᠵᠢᠯᠲᠡ ᠶᠢ ᠬᠦᠴᠦᠲᠡᠢ ᠠᠬᠢᠭᠤᠯᠪᠠ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号