| | | ᠮᠣᠩᠭᠤᠯᠴᠤᠳ ᠲᠠᠪᠤᠨ ᠬᠤᠰᠢᠭᠤ ᠮᠠᠯ ᠢ ᠠᠷᠠᠴᠢᠯᠠᠨ ᠮᠠᠯᠵᠢᠬᠤ ᠦᠢᠯᠡᠳᠪᠦᠷᠢᠯᠡᠯ ᠬᠥᠳᠡᠯᠮᠦᠷᠢ ᠶᠢᠨ | ᠶᠠᠪᠤᠴᠠ ᠳᠠᠭᠠᠨ ᠮᠠᠯ ᠠᠵᠤ ᠠᠬᠤᠢ ᠶᠢᠨ ᠪᠠᠶᠠᠯᠢᠭ ᠲᠤᠷᠰᠢᠯᠭ᠎ᠠ ᠶᠢ ᠬᠤᠷᠠᠮᠳᠤᠭᠤᠯᠤᠭᠰᠠᠨ ᠶᠤᠮ᠃ ᠲᠠᠪᠤᠨ ᠬᠤᠰᠢᠭᠤ | ᠮᠠᠯ ᠤᠨ ᠠᠳᠠᠯᠢ ᠪᠤᠰᠤ ᠣᠨᠴᠠᠯᠢᠭ ᠪᠣᠯᠣᠨ ᠲᠡᠳᠡᠭᠡᠷ ᠤᠨ ᠴᠠᠭ ᠠᠭᠤᠷ᠂ ᠤᠰᠤ ᠪᠡᠯᠴᠢᠭᠡᠷ ᠤᠨ ᠪᠠᠶᠢᠳᠠᠯ ᠢ | ᠦᠨᠳᠦᠰᠦᠯᠡᠵᠦ ᠳᠥᠷᠪᠡᠨ ᠤᠯᠠᠷᠢᠯ ᠤᠨ ᠠᠭᠤᠷ ᠠᠮᠢᠰᠬᠤᠯ ᠤᠨ ᠪᠠᠶᠢᠳᠠᠯ᠂ ᠬᠤᠷ᠎ᠠ ᠲᠤᠨᠳᠠᠰᠤ᠂ ᠡᠪᠡᠰᠦ | ᠪᠡᠯᠴᠢᠭᠡᠷ ᠤᠨ ᠪᠠᠶᠢᠳᠠᠯ ᠢ ᠦᠨᠳᠦᠰᠦᠯᠡᠵᠦ᠂ ᠤᠯᠠᠷᠢᠯ ᠢᠶᠠᠷ ᠨᠡᠭᠦᠳᠡᠯᠯᠡᠬᠦ ᠶᠢ ᠤᠷᠲᠤ ᠬᠤᠭᠤᠴᠠᠭ᠎ᠠ ᠪᠠᠷ | ᠪᠠᠷᠢᠮᠲᠠᠯᠠᠭᠰᠠᠭᠠᠷ ᠢᠷᠡᠭᠰᠡᠨ ᠶᠤᠮ᠃ ᠢᠩᠭᠢᠵᠦ ᠳᠥᠷᠪᠡᠨ ᠤᠯᠠᠷᠢᠯ ᠢᠶᠠᠷ ᠡᠭᠡᠯᠵᠢᠯᠡᠨ ᠨᠡᠭᠦᠳᠡᠯᠯᠡᠬᠦ ᠶᠢ | ᠬᠠᠪᠤᠷᠵᠢᠶ᠎ᠠ ᠳᠤ ᠭᠠᠷᠬᠤ᠂ ᠵᠤᠰᠠᠯᠠᠩ ᠳᠤ ᠪᠠᠭᠤᠬᠤ᠂ ᠨᠠᠮᠤᠷᠵᠢᠶ᠎ᠠ ᠳᠤ ᠪᠠᠭᠤᠬᠤ᠂ ᠡᠪᠦᠯᠵᠢᠶ᠎ᠡ ᠳᠤ ᠪᠠᠭᠤᠬᠤ ᠭᠡᠳᠡᠭ᠃ | | | | | ᠵᠤᠰᠠᠯᠠᠩ ᠳᠤ ᠪᠠᠭᠤᠬᠤ ᠵᠤᠨ ᠤ ᠤᠯᠠᠷᠢᠯ ᠤᠨ ᠨᠡᠭᠦᠳᠡᠯ ᠨᠢ ᠮᠠᠯ ᠰᠦᠷᠦᠭ ᠤᠨ ᠮᠢᠬᠠᠨ ᠲᠠᠷᠭᠤ ᠠᠪᠤᠭᠤᠯᠬᠤ | ᠵᠣᠷᠢᠯᠲᠠ ᠲᠠᠢ ᠪᠣᠯᠬᠤᠷ᠂ ᠠᠭᠤᠯᠠ ᠶᠢᠨ ᠠᠷᠤ᠂ ᠳᠡᠨᠵᠢ᠂ ᠬᠠᠵᠠᠭᠠᠷ᠂ ᠬᠢᠶᠠᠭ ᠵᠡᠷᠭᠡ ᠨᠠᠷᠢᠨ ᠠᠮᠲᠠᠯᠢᠭ ᠤᠷᠭᠤᠮᠠᠯ ᠲᠠᠢ | ᠪᠡᠯᠴᠢᠭᠡᠷ ᠢ ᠰᠣᠩᠭᠤᠵᠤ᠂ ᠡᠳᠦᠷ ᠲᠤ ᠨᠢᠭᠡ ᠠᠴᠠ ᠬᠤᠶᠠᠷ ᠤᠳᠠᠭ᠎ᠠ ᠤᠰᠤᠯᠠᠨ᠂ ᠡᠷᠲᠡᠯᠡᠨ ᠪᠡᠯᠴᠢᠭᠡᠵᠦ᠂ ᠣᠷᠣᠢ | ᠬᠤᠲᠠᠯᠠᠬᠤ ᠶᠢ ᠪᠠᠷᠢᠮᠲᠠᠯᠠᠨ ᠦᠳᠡ ᠶᠢᠨ ᠬᠠᠯᠠᠭᠤᠨ ᠳᠤ ᠠᠭᠤᠯᠠᠨ ᠣᠷᠣᠢ᠂ ᠳᠣᠪᠣᠷᠴᠠᠭ ᠭᠠᠵᠠᠷ ᠢᠶᠠᠷ | ᠵᠣᠭᠰᠤᠭᠠᠬᠤ ᠶᠢ ᠠᠩᠬᠠᠷᠳᠠᠭ᠃ ᠵᠤᠨ ᠤ ᠡᠬᠢᠨ ᠰᠠᠷ᠎ᠠ ᠶᠢᠨ ᠦᠶ᠎ᠡ ᠠᠴᠠ ᠮᠠᠯ ᠰᠦᠷᠦᠭ ᠢ ᠰᠠᠯᠬᠢᠨ ᠤ ᠥᠭᠡᠳᠡ | ᠤᠷᠤᠭᠤ ᠲᠣᠭᠲᠠᠮᠠᠯ ᠪᠡᠯᠴᠢᠭᠡᠨ ᠬᠦᠯᠦᠷᠡᠭᠡᠪᠡᠯ᠂ ᠤᠩᠭᠠᠰᠤ ᠨᠣᠣᠰᠣ ᠨᠢ ᠬᠥᠭᠡᠷᠬᠦ ᠳᠤ ᠠᠮᠠᠷᠬᠠᠨ ᠪᠥᠭᠡᠳ ᠮᠠᠯ ᠤᠨ | ᠰᠢᠷ᠎ᠠ ᠦᠰᠦᠨ ᠤ ᠰᠦᠪᠡ ᠨᠡᠭᠡᠭᠡᠭᠳᠡᠨ᠂ ᠲᠠᠷᠭᠤ ᠠᠪᠬᠤ ᠳᠤ ᠰᠠᠶᠢᠨ ᠪᠠᠶᠢᠳᠠᠭ᠃ ᠵᠤᠨ ᠤ ᠳᠤᠮᠳᠠ ᠰᠠᠷ᠎ᠠ ᠠᠴᠠ | ᠡᠬᠢᠯᠡᠨ ᠪᠤᠭ ᠮᠠᠯ ᠢ ᠨᠣᠭᠤᠭᠠᠨ ᠤ ᠰᠢᠭᠦᠳᠡᠷᠢ ᠪᠠᠭᠤᠭᠰᠠᠨ ᠤ ᠬᠤᠶᠢᠨ᠎ᠠ ᠪᠡᠯᠴᠢᠭᠡᠬᠦ ᠪᠠ ᠵᠠᠩᠭᠤᠤ᠂ ᠰᠢᠪᠡᠭᠡ᠂ | ᠬᠠᠷᠭᠠᠨ᠎ᠠ ᠵᠡᠷᠭᠡ ᠥᠷᠭᠡᠰᠦᠲᠦ ᠤᠷᠭᠤᠮᠠᠯ ᠪᠦᠬᠦᠢ ᠪᠡᠯᠴᠢᠭᠡᠷ ᠠᠴᠠ ᠵᠠᠶᠢᠯᠠᠭᠤᠯᠳᠠᠭ ᠨᠢ ᠮᠠᠯ ᠤᠨ ᠲᠤᠭᠤᠷᠠᠢ ᠶᠢᠨ | ᠰᠠᠯᠠᠭ᠎ᠠ ᠭᠡᠮᠲᠦᠬᠦ᠂ ᠤᠩᠭᠠᠰᠤ ᠨᠣᠣᠰᠣ ᠭᠡᠭᠡᠭᠳᠡᠬᠦ ᠠᠴᠠ ᠰᠡᠷᠭᠡᠶᠢᠯᠡᠭᠰᠡᠨ ᠮᠠᠯᠴᠢᠨ ᠠᠷᠠᠳ ᠤᠨ ᠮᠠᠯ ᠮᠠᠯᠵᠢᠬᠤ ᠤᠷ᠎ᠠ | ᠤᠬᠠᠭᠠᠨ ᠤ ᠢᠯᠡᠷᠡᠯ ᠪᠣᠯᠬᠤ ᠶᠤᠮ᠃ |