| | | | ᠨᠠᠮ ᠤᠨ ᠰᠣᠶᠣᠯ ᠤᠨ ᠤᠳᠤᠷᠢᠳᠬᠤ ᠡᠷᠬᠡ ᠶᠢ ᠪᠠᠷᠢᠮᠲᠠᠯᠠᠨ ᠨᠠᠷᠢᠯᠢᠭ ᠨᠠᠶᠢᠳᠠᠪᠤᠷᠢᠵᠢᠭᠤᠯᠵᠤ᠂ ᠡᠯ᠎ᠡ | ᠲᠥᠷᠥᠯ ᠤᠨ ᠴᠢᠬᠤᠯᠠ ᠶᠡᠭᠡ ᠰᠣᠶᠣᠯ ᠤᠳᠬ᠎ᠠ ᠤᠷᠠᠯᠢᠭ ᠤᠨ ᠠᠵᠢᠯᠯᠠᠭ᠎ᠠ ᠶᠢ ᠪᠦᠭᠦ ᠬᠦᠴᠦᠨ ᠢᠶᠠᠷ ᠢᠶᠠᠨ ᠰᠠᠶᠢᠲᠤᠷ | ᠡᠷᠭᠢᠯᠡᠵᠦ᠂ ᠰᠢᠨ᠎ᠡ ᠴᠠᠭ ᠦᠶ᠎ᠡ ᠳᠤ ᠵᠣᠬᠢᠴᠠᠭᠰᠠᠨ ᠨᠠᠩ ᠣᠯᠠᠨ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ | ᠪᠦᠲᠦᠭᠡᠵᠦ᠂ ᠰᠢᠯᠢᠳᠡᠭ ᠴᠢᠳᠠᠪᠤᠷᠢᠲᠠᠨ ᠴᠣᠯᠭᠤᠷᠠᠨ ᠭᠠᠷᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠶ ᠪᠣᠯᠭᠠᠨ᠎ᠠ | ᠁ ᠰᠤᠷᠪᠤᠯᠵᠢᠯᠠᠬᠴᠢ 5 ᠤ ᠡᠳᠦᠷ ᠰᠣᠶᠣᠯ ᠪᠠ ᠵᠢᠭᠤᠯᠴᠢᠯᠠᠯ ᠤᠨ ᠶᠠᠮᠤᠨ ᠠᠴᠠ ᠣᠶᠢᠯᠠᠭᠠᠭᠰᠠᠨ ᠢᠶᠠᠷ᠂ | 2025 ᠣᠨ ᠤ ᠪᠦᠭᠦ ᠤᠯᠤᠰ ᠤᠨ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠳᠠᠷᠤᠭ᠎ᠠ ᠨᠠᠷ ᠤᠨ ᠬᠤᠷᠠᠯ | ᠲᠦᠷᠦᠭᠦᠬᠡᠨ ᠪᠡᠭᠡᠵᠢᠩ ᠳᠤ ᠬᠤᠷᠠᠯᠳᠤᠵᠤ᠂ 2025 ᠣᠨ ᠤ ᠰᠣᠶᠣᠯ ᠪᠠ ᠵᠢᠭᠤᠯᠴᠢᠯᠠᠯ ᠤᠨ ᠠᠵᠢᠯ ᠤᠨ | ᠭᠤᠣᠯᠳᠠᠯᠭ᠎ᠠ ᠶᠢ ᠲᠣᠭᠲᠠᠭᠠᠪᠠ᠃ | | | | ᠲᠠᠨᠢᠯᠴᠠᠭᠤᠯᠤᠭᠰᠠᠨ ᠢᠶᠠᠷ᠂ ᠨᠢᠭᠡ ᠵᠢᠯ ᠤᠨ ᠲᠤᠷᠰᠢ᠂ ᠪᠦᠭᠦ ᠤᠯᠤᠰ ᠤᠨ ᠰᠣᠶᠣᠯ ᠪᠠ ᠵᠢᠭᠤᠯᠴᠢᠯᠠᠯ ᠤᠨ | ᠰᠢᠰᠲ᠋ᠧᠮ ᠨᠢ ᠰᠣᠶᠣᠯ ᠤᠨ ᠬᠦᠴᠦᠷᠬᠡᠭ ᠤᠯᠤᠰ᠂ ᠵᠢᠭᠤᠯᠴᠢᠯᠠᠯ ᠤᠨ ᠬᠦᠴᠦᠷᠬᠡᠭ ᠤᠯᠤᠰ ᠢ ᠪᠦᠲᠦᠭᠡᠨ ᠪᠠᠶᠢᠭᠤᠯᠬᠤ | ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠠᠷᠭ᠎ᠠ ᠪᠣᠳᠣᠯᠭ᠎ᠠ ᠬᠡᠷᠡᠭᠵᠢᠭᠦᠯᠦᠨ᠂ | ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠨᠠᠮ ᠤᠨ ᠰᠢᠨ᠎ᠡ ᠡᠭᠦᠳᠦᠯᠲᠡ ᠶᠢᠨ ᠣᠨᠣᠯ ᠤᠨ ᠦᠷ᠎ᠡ ᠪᠦᠲᠦᠮᠵᠢ | ᠢᠯᠡᠷᠬᠡᠢ᠂ ᠨᠠᠮ ᠪᠠ ᠤᠯᠤᠰ ᠤᠨ ᠠᠵᠢᠯ ᠤᠨ ᠶᠡᠭᠡ ᠲᠠᠯ᠎ᠠ ᠳᠤ ᠦᠢᠯᠡᠴᠢᠯᠡᠬᠦ ᠦᠢᠯᠡᠳᠦᠯ ᠦᠷᠭᠦᠯᠵᠢᠯᠡᠨ ᠢᠯᠡᠷᠡᠵᠦ᠂ | ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠬᠠᠨᠳᠤᠰᠢ ᠰᠠᠶᠢᠨ᠂ ᠰᠢᠯᠢᠳᠡᠭ ᠪᠦᠲᠦᠭᠡᠯ ᠲᠠᠰᠤᠷᠠᠯᠲᠠ ᠦᠭᠡᠢ | ᠴᠣᠯᠭᠤᠷᠠᠨ ᠭᠠᠷᠴᠤ᠂ ᠰᠣᠶᠣᠯ ᠤᠨ ᠥᠪ ᠬᠥᠷᠥᠩᠭᠡ ᠶᠢ ᠬᠠᠮᠠᠭᠠᠯᠠᠵᠤ᠂ ᠳᠤᠮᠳᠠᠳᠤ ᠶᠢᠨ ᠰᠣᠶᠣᠯ ᠤᠨ ᠭᠤᠯᠣᠮᠲᠠ ᠶᠢ | ᠵᠠᠯᠭᠠᠮᠵᠢᠯᠠᠨ ᠪᠣᠳᠠᠲᠤ ᠦᠷ᠎ᠡ ᠪᠦᠲᠦᠮᠵᠢ ᠣᠯᠵᠤ᠂ ᠴᠢᠨᠠᠷ ᠰᠠᠶᠢᠲᠠᠢ ᠰᠣᠶᠣᠯ ᠪᠠ ᠵᠢᠭᠤᠯᠴᠢᠯᠠᠯ ᠤᠨ ᠦᠢᠯᠡᠳᠬᠦᠨ ᠤ | ᠬᠠᠩᠭᠠᠯᠭ᠎ᠠ ᠶᠢ ᠦᠷᠭᠦᠯᠵᠢᠯᠡᠨ ᠰᠢᠯᠢᠳᠡᠭᠵᠢᠭᠦᠯᠵᠦ᠂ ᠳᠤᠮᠳᠠᠳᠤ ᠶᠢᠨ ᠰᠣᠶᠣᠯ ᠤᠨ ᠳᠡᠯᠡᠬᠡᠢ ᠶᠢᠨ ᠦᠷ᠎ᠡ ᠪᠦᠲᠦᠭᠡᠯ | ᠡᠯᠪᠡᠭ ᠪᠠᠶᠠᠯᠢᠭ᠂ ᠴᠢᠨᠠᠷ ᠰᠠᠶᠢᠲᠠᠢ ᠬᠥᠭᠵᠢᠯᠲᠡ ᠶᠢᠨ ᠦᠷ᠎ᠡ ᠪᠦᠲᠦᠭᠡᠯ ᠨᠠᠩ ᠭᠦᠢᠴᠡᠳ᠂ ᠠᠵᠢᠯ ᠬᠢᠵᠦ ᠦᠢᠯᠡᠰ | ᠪᠣᠰᠬᠠᠬᠤ ᠵᠣᠷᠢᠭ ᠰᠠᠨᠠᠭ᠎ᠠ ᠨᠠᠩ ᠡᠷᠴᠢ ᠬᠦᠴᠦᠨ ᠲᠠᠢ ᠪᠤᠯᠬᠤ ᠶᠢ ᠠᠬᠢᠭᠤᠯᠪᠠ᠃ | | | | ᠬᠤᠷᠠᠯ ᠤᠨ ᠪᠠᠶᠢᠷᠢᠯᠠᠭᠤᠯᠤᠯᠲᠠ ᠶᠢ ᠦᠨᠳᠦᠰᠦᠯᠡᠪᠡᠯ᠂ ᠰᠣᠶᠣᠯ ᠪᠠ ᠵᠢᠭᠤᠯᠴᠢᠯᠠᠯ ᠤᠨ ᠰᠠᠯᠠᠭ᠎ᠠ ᠮᠥᠴᠢᠷ | 2025 ᠣᠨ ᠳᠤ ᠴᠢᠨᠠᠷ ᠰᠠᠶᠢᠲᠠᠢ ᠣᠯᠠᠨ ᠨᠡᠶᠢᠲᠡ ᠶᠢᠨ ᠰᠣᠶᠣᠯ ᠤᠨ ᠡᠬᠢ ᠪᠠᠶᠠᠯᠢᠭ ᠢ ᠦᠨᠳᠦᠰᠦᠨ ᠱᠠᠲᠤᠨ ᠳᠤ | ᠰᠢᠭᠤᠳ ᠬᠦᠷᠭᠡᠬᠦ ᠶᠢ ᠠᠬᠢᠭᠤᠯᠵᠤ᠂ ᠬᠠᠭᠤᠴᠢ ᠰᠤᠳᠤᠯᠤᠯ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ | ᠠᠰᠢᠭᠯᠠᠬᠤ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠪᠣᠳᠠᠰ ᠤᠨ ᠪᠤᠰᠤ ᠰᠣᠶᠣᠯ ᠤᠨ ᠥᠪ ᠢ | ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠲᠦᠪᠰᠢᠨ ᠢ ᠳᠠᠭᠢᠨ ᠰᠢᠨ᠎ᠡ ᠳᠡᠭᠲᠡᠷ ᠲᠤ ᠭᠠᠷᠭᠠᠬᠤ ᠶᠢ ᠠᠬᠢᠭᠤᠯᠵᠤ᠂ | ᠠᠵᠤ ᠦᠢᠯᠡᠰ ᠤᠨ ᠪᠠᠭᠲᠠᠭᠠᠮᠵᠢ ᠶᠢ ᠥᠷᠭᠡᠳᠬᠡᠨ ᠬᠡᠯᠬᠢᠶ᠎ᠡ ᠶᠢ ᠴᠢᠩᠭᠠᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠦᠨ | ᠦᠷ᠎ᠡ ᠠᠰᠢᠭ ᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ ᠵᠢᠭᠤᠯᠴᠢᠯᠠᠯ ᠤᠨ ᠦᠢᠯᠡᠳᠬᠦᠨ ᠢ ᠨᠡᠭᠡᠭᠡᠨ | ᠬᠥᠭᠵᠢᠭᠦᠯᠵᠦ ᠤᠬᠠᠭᠤᠯᠤᠨ ᠲᠠᠨᠢᠯᠴᠠᠭᠤᠯᠬᠤ ᠶᠢ ᠪᠦᠲᠦᠮᠵᠢᠲᠡᠶ ᠠᠬᠢᠭᠤᠯᠵᠤ᠂ ᠵᠢᠷᠤᠮᠵᠢᠬᠰᠠᠨ ᠡᠮᠬᠢ ᠵᠢᠷᠤᠮ ᠲᠠᠢ | ᠳᠥᠭᠦᠮ ᠲᠦᠷᠭᠡᠨ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠦᠷᠭᠦᠯᠵᠢᠯᠡᠨ ᠪᠤᠶ ᠪᠤᠯᠭᠠᠵᠤ᠂ ᠰᠣᠶᠣᠯ ᠪᠠ | ᠵᠢᠭᠤᠯᠴᠢᠯᠠᠯ ᠤᠨ ᠰᠣᠯᠢᠯᠴᠠᠭ᠎ᠠ ᠬᠠᠮᠲᠤᠷᠠᠯᠴᠠᠭ᠎ᠠ ᠶᠢᠨ ᠰᠢᠨ᠎ᠡ ᠠᠷᠭ᠎ᠠ ᠵᠠᠮ ᠢ ᠥᠷᠭᠡᠳᠬᠡᠵᠦ᠂ ᠶᠡᠷᠦᠩᠬᠡᠶᠢᠯᠡᠭᠰᠡᠨ | ᠴᠢᠨᠠᠷᠲᠠᠢ ᠰᠠᠭᠤᠷᠢ ᠴᠢᠨᠠᠷᠲᠠᠢ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠰᠣᠶᠣᠯ ᠪᠠ | ᠵᠢᠭᠤᠯᠴᠢᠯᠠᠯ ᠤᠨ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠪᠣᠯᠣᠨ᠎ᠠ᠃ | | | | | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 5 ᠤ ᠴᠠᠭᠢᠯᠭᠠᠨ ᠮᠡᠳᠡᠭᠡ︶ | |