ᠮᠠᠨ ᠤ ᠣᠷᠣᠨ 5 ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠢ ᠣᠷᠣᠨ ᠤ ᠲᠠᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠪᠣᠯᠭᠠᠪᠠ
ᠨᠡᠶᠢᠲᠡᠯᠡᠭᠰᠡᠨ ᠴᠠᠭ᠄
2025/1/8
      ᠣᠶᠢᠷ᠎ᠠ ᠶᠢᠨ ᠡᠳᠦᠷ᠂ ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠲᠦᠷᠦᠭᠦᠬᠡᠨ ᠲᠤᠰ ᠲᠢᠩᠬᠢᠮ ᠮᠡᠳᠡᠭᠳᠡᠯ ᠨᠡᠶᠢᠲᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠴᠢᠶᠠᠯᠠᠪᠤᠷᠢ ᠶᠢᠨ ᠲᠣᠨᠤᠭ ᠲᠥᠬᠦᠭᠡᠷᠦᠮᠵᠢ ᠶᠢᠨ ᠣᠶᠤᠨᠴᠢᠯᠠᠯᠲᠠ ᠬᠢᠭᠡᠳ ᠠᠮᠤᠷ ᠲᠦᠪᠰᠢᠨ ᠦᠢᠯᠡᠴᠢᠯᠡᠭᠡᠨ ᠤ ᠰᠢᠨ᠎ᠡ ᠶᠢ ᠡᠭᠦᠳᠬᠦ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠰᠠᠨᠰᠠᠷ ᠤᠨ ᠠᠶᠠᠯᠠᠯ ᠤᠨ ᠬᠥᠳᠡᠯᠭᠡᠬᠦ ᠬᠦᠴᠦᠨ ᠤ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠰᠤᠲᠥ᠋ᠷᠥᠭᠴᠢ ᠡᠨᠧᠷᠭᠢ ᠶᠢᠨ ᠲᠣᠨᠤᠭ ᠲᠥᠬᠦᠭᠡᠷᠦᠮᠵᠢ ᠶᠢᠨ ᠲᠡᠷᠢᠭᠦᠨ ᠤ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠴᠠᠬᠢᠭᠤᠷᠲᠤ ᠬᠠᠶᠢᠯᠤᠰᠢ ᠶᠢᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ ᠲᠡᠵᠢᠭᠡᠯ ᠡᠪᠡᠰᠦᠨ ᠤ ᠣᠶᠤᠨᠲᠤ ᠲᠣᠨᠤᠭ ᠲᠥᠬᠦᠭᠡᠷᠦᠮᠵᠢ ᠶᠢᠨ ᠰᠢᠨ᠎ᠡ ᠶᠢ ᠡᠭᠦᠳᠬᠦ ᠲᠥᠪ ᠵᠡᠷᠭᠡ 5 ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠢ ᠣᠷᠣᠨ ᠤ ᠲᠠᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠪᠤᠯᠭᠠᠬᠤ ᠶᠢ ᠵᠥᠪᠰᠢᠶᠡᠷᠡᠵᠡᠢ᠃     ᠥᠪᠡᠷᠲᠡᠭᠡᠨ ᠵᠠᠰᠠᠬᠤ ᠣᠷᠣᠨ ᠤ ᠳᠠᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠨᠢ ᠭᠤᠣᠯᠳᠠᠭᠤ ᠦᠢᠯᠡᠳᠬᠦ ᠦᠢᠯᠡᠰ ᠤᠨ ᠰᠢᠨ᠎ᠡ ᠶᠢ ᠡᠭᠦᠳᠦᠨ ᠬᠥᠭᠵᠢᠭᠦᠯᠬᠦ ᠴᠢᠬᠤᠯᠠ ᠶᠡᠭᠡ ᠬᠡᠷᠡᠭᠴᠡᠭᠡ ᠱᠠᠭᠠᠷᠳᠠᠯᠭ᠎ᠠ ᠳᠤ ᠬᠠᠨᠳᠤᠭᠤᠯᠤᠨ᠂ ᠠᠵᠢᠯ ᠲᠥᠷᠥᠯ ᠤᠨ ᠴᠢᠬᠤᠯᠠ ᠶᠡᠭᠡ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠰᠤᠳᠤᠯᠤᠨ ᠨᠡᠭᠡᠭᠡᠬᠦ ᠪᠣᠭᠤᠮᠲᠠ ᠰᠢᠪᠲᠤᠯᠤᠯᠲᠠ ᠶᠢ ᠥᠷᠨᠢᠭᠦᠯᠵᠦ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠶᠢᠨ ᠬᠤᠰᠢᠭᠤᠷᠠᠯ ᠮᠡᠷᠭᠡᠵᠢᠯ ᠪᠠ ᠵᠠᠩᠭᠢᠯᠠᠭ᠎ᠠ ᠶᠢᠨ ᠨᠡᠶᠢᠲᠡᠯᠢᠭ ᠴᠢᠨᠠᠷᠲᠠᠢ ᠮᠡᠷᠭᠡᠵᠢᠯ ᠤᠨ ᠰᠤᠳᠤᠯᠤᠨ ᠨᠡᠭᠡᠭᠡᠵᠦ ᠬᠠᠩᠭᠠᠬᠤ᠂ ᠰᠢᠯᠵᠢᠭᠦᠯᠦᠨ ᠳᠡᠯᠭᠡᠷᠡᠭᠦᠯᠬᠦ ᠪᠠ ᠠᠷᠠᠯᠵᠢᠶᠠᠯᠠᠨ ᠬᠡᠷᠡᠭᠯᠡᠬᠦ ᠪᠠᠷ ᠭᠤᠣᠯᠳᠠᠯᠭ᠎ᠠ ᠪᠤᠯᠭᠠᠵᠤ᠂ ᠮᠡᠷᠭᠡᠵᠢᠯ ᠢ ᠨᠡᠭᠡᠭᠡᠨ ᠬᠥᠭᠵᠢᠭᠦᠯᠬᠦ ᠠᠴᠠ ᠰᠢᠯᠵᠢᠭᠦᠯᠦᠨ ᠳᠡᠯᠭᠡᠷᠡᠭᠦᠯᠬᠦ᠂ ᠰᠢᠯᠵᠢᠭᠦᠯᠦᠨ ᠳᠡᠯᠭᠡᠷᠡᠭᠦᠯᠬᠦ ᠠᠴᠠ ᠠᠷᠠᠯᠵᠢᠶᠠᠯᠠᠨ ᠬᠡᠷᠡᠭᠯᠡᠬᠦ ᠬᠦᠷᠲᠡᠯᠡᠬᠢ ᠰᠢᠨ᠎ᠡ ᠶᠢ ᠡᠭᠦᠳᠬᠦ ᠬᠡᠯᠬᠢᠶᠡᠰᠦ ᠶᠢᠨ ᠡᠯ᠎ᠡ ᠭᠤᠭᠴᠣᠭᠠᠨ ᠤ ᠠᠵᠢᠯᠯᠠᠭ᠎ᠠ ᠶᠢ ᠪᠡᠶᠡᠯᠡᠭᠦᠯᠦᠨ᠂ ᠵᠠᠰᠠᠭ ᠤᠨ ᠣᠷᠳᠣᠨ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠯᠦᠭ᠎ᠠ ᠨᠢᠭᠲᠠ ᠤᠶᠠᠯᠳᠤᠭᠰᠠᠨ ᠬᠠᠮᠵᠢᠯᠴᠠᠨ ᠰᠢᠨ᠎ᠡ ᠶᠢ ᠡᠭᠦᠳᠬᠦ ᠠᠴᠢᠶᠠᠯᠠᠪᠤᠷᠢ ᠶᠢ ᠪᠤᠶ ᠪᠣᠯᠭᠠᠨ᠎ᠠ᠃     ᠲᠠᠷᠠᠭᠠᠴᠢ ᠶᠢᠨ ᠠᠯᠬᠤᠮ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠪᠣᠶᠢᠵᠢᠭᠤᠯᠬᠤ ᠱᠠᠲᠤ ᠦᠶ᠎ᠡ ᠶᠢᠨ ᠰᠢᠨ᠎ᠡ ᠶᠢ ᠡᠭᠦᠳᠬᠦ ᠲᠥᠪ ᠢ ᠮᠥᠷᠳᠡᠬᠦ᠂ ᠵᠢᠯᠤᠭᠤᠳᠬᠤ ᠪᠠ ᠦᠢᠯᠡᠴᠢᠯᠡᠬᠦ ᠪᠠᠨ ᠴᠢᠩᠭᠠᠳᠬᠠᠵᠤ᠂ ᠬᠠᠮᠢᠶ᠎ᠠ ᠪᠦᠬᠦᠢ ᠪᠦᠲᠦᠭᠡᠨ ᠪᠠᠶᠢᠭᠤᠯᠤᠯᠲᠠ ᠶᠢᠨ ᠨᠥᠬᠦᠴᠡᠯ ᠢ ᠢᠳᠡᠪᠬᠢᠲᠡᠢ ᠬᠠᠪᠰᠤᠷᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠲᠥᠪ ᠢ ᠪᠦᠲᠦᠭᠡᠨ ᠪᠠᠶᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠦᠨᠡᠨ ᠬᠦ ᠵᠣᠬᠢᠴᠠᠭᠤᠯᠤᠨ ᠰᠢᠢᠳᠪᠦᠷᠢᠯᠡᠵᠦ᠂ ᠰᠢᠨ᠎ᠡ ᠶᠢ ᠡᠭᠦᠳᠬᠦ ᠲᠥᠪ ᠤᠨ ᠨᠡᠭᠡᠭᠡᠯᠲᠡ ᠬᠢᠬᠦ ᠣᠶᠢᠯᠠᠭᠠᠭᠳᠠᠬᠤᠨ ᠢ ᠵᠠᠯᠭᠠᠮᠵᠢᠯᠠᠬᠤ᠂ ᠨᠡᠭᠡᠭᠡᠯᠲᠡ ᠬᠢᠬᠦ ᠲᠠᠪᠴᠠᠩ ᠢ ᠴᠣᠭᠴᠠᠯᠠᠨ ᠪᠠᠶᠢᠭᠤᠯᠬᠤ᠂ ᠬᠠᠷᠠᠯᠲᠠ ᠪᠠᠶᠢᠷᠢ ᠲᠣᠭᠲᠠᠭᠠᠯᠲᠠ ᠲᠠᠢ ᠬᠠᠷᠢᠴᠠᠭᠤᠯᠤᠨ ᠲᠦᠷᠭᠡᠳᠬᠡᠨ ᠪᠠᠶᠢᠭᠤᠯᠬᠤ ᠶᠢ ᠠᠬᠢᠭᠤᠯᠵᠤ᠂ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠ ᠠᠵᠢᠯ ᠲᠥᠷᠥᠯ ᠤᠨ ᠦᠢᠯᠡᠴᠢᠯᠡᠭᠡᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠬᠠᠮᠢᠶ᠎ᠠ ᠪᠦᠬᠦᠢ ᠠᠵᠢᠯ ᠲᠥᠷᠥᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠪᠣᠯᠣᠨ᠎ᠠ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号