| | | | ᠪᠦᠭᠦ ᠤᠯᠤᠰ ᠤᠨ ᠡᠮᠡᠭᠲᠡᠶᠢᠴᠦᠳ ᠤᠨ ᠬᠤᠯᠪᠤᠭ᠎ᠠ᠂ ᠲᠥᠪ ᠤᠨ ᠰᠦᠯᠵᠢᠶᠡᠨ ᠤ ᠠᠮᠤᠷ ᠲᠦᠪᠰᠢᠨ ᠪᠠ | ᠮᠡᠳᠡᠭᠡ ᠵᠠᠩᠭᠢᠵᠢᠯᠲᠠ ᠶᠢᠨ ᠵᠥᠪᠯᠡᠯ ᠤᠨ ᠠᠯᠪᠠᠨ ᠭᠡᠷ᠂ ᠠᠷᠠᠳ ᠤᠨ ᠳᠡᠭᠡᠳᠦ ᠰᠢᠭᠦᠬᠦ ᠬᠤᠷᠢᠶ᠎ᠠ᠂ ᠠᠷᠠᠳ ᠤᠨ ᠳᠡᠭᠡᠳᠦ | ᠪᠠᠶᠢᠴᠠᠭᠠᠬᠤ ᠬᠤᠷᠢᠶ᠎ᠠ᠂ ᠰᠤᠷᠭᠠᠨ ᠬᠥᠮᠦᠵᠢᠯ ᠤᠨ ᠶᠠᠮᠤᠨ᠂ ᠳᠣᠲᠣᠭᠠᠳᠤ ᠶᠢ ᠬᠠᠮᠠᠭᠠᠯᠠᠬᠤ ᠶᠠᠮᠤᠨ ᠵᠡᠷᠭᠡ 16 | ᠰᠠᠯᠠᠭ᠎ᠠ ᠮᠥᠴᠢᠷ ᠮᠡᠳᠡᠭᠳᠡᠯ ᠳᠠᠷᠤᠮᠠᠯᠯᠠᠨ ᠲᠠᠷᠬᠠᠭᠠᠵᠤ᠂ ︽ᠬᠠᠶᠢᠷ᠎ᠠ ᠬᠠᠯᠠᠮᠵᠢᠲᠤ ᠭᠡᠷ ᠪᠦᠯᠢ ᠳᠤ ᠰᠡᠳᠬᠢᠯ ᠨᠢᠭᠡᠳᠦᠨ | ᠬᠡᠦᠬᠡᠳ ᠤᠨ ᠦᠰᠦᠨ ᠪᠤᠶᠢᠵᠢᠯᠲᠠ ᠶᠢ ᠬᠠᠮᠠᠭᠠᠯᠠᠶ᠎ᠠ︾ 2025 ᠡᠪᠦᠯ ᠤᠨ ᠠᠮᠠᠷᠠᠯᠲᠠ ᠶᠢᠨ ᠬᠤᠭᠤᠴᠠᠭᠠᠨ ᠤ | ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠠᠵᠢᠯᠯᠠᠭ᠎ᠠ ᠶᠢ ᠬᠠᠮᠲᠤᠷᠠᠨ ᠪᠠᠶᠢᠷᠢᠯᠠᠭᠤᠯᠤᠨ ᠥᠷᠨᠢᠭᠦᠯᠵᠦ᠂ | ᠥᠷᠭᠡᠨ ᠣᠯᠠᠨ ᠬᠡᠦᠬᠡᠳ ᠢ ᠬᠠᠪᠰᠤᠷᠤᠨ ᠡᠷᠡᠭᠦᠯ ᠮᠡᠨᠳᠦ᠂ ᠠᠮᠤᠷ ᠲᠦᠪᠰᠢᠨ᠂ ᠪᠠᠶᠠᠷ ᠭᠦᠷ ᠲᠠᠢ᠂ ᠤᠳᠬ᠎ᠠ | ᠠᠭᠤᠯᠭ᠎ᠠ ᠲᠠᠢ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠪᠠᠷ ᠪᠣᠯᠪᠠ᠃ | ᠮᠡᠳᠡᠭᠳᠡᠯ ᠳᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠡᠦᠬᠡᠳ ᠤᠨ | ᠬᠥᠳᠡᠯᠭᠡᠭᠡᠨ ᠤ ᠲᠥᠪ᠂ ᠵᠠᠯᠠᠭᠤᠴᠤᠳ ᠪᠠᠭᠠᠴᠤᠳ ᠤᠨ ᠣᠷᠳᠣᠨ ᠵᠡᠷᠭᠡ ᠰᠤᠷᠭᠠᠭᠤᠯᠢ ᠶᠢᠨ ᠭᠠᠳᠠᠨᠠᠬᠢ ᠰᠤᠷᠭᠠᠨ | ᠬᠥᠮᠦᠵᠢᠯ ᠤᠨ ᠪᠠᠶᠢᠭᠤᠯᠤᠮᠵᠢ ᠳᠤ ᠲᠦᠰᠢᠭᠯᠡᠨ᠂ ᠳᠤᠷᠠᠰᠬᠠᠯ ᠤᠨ ᠣᠷᠳᠣᠨ᠂ ᠰᠣᠶᠣᠯ ᠤᠨ ᠣᠷᠳᠣᠨ ᠵᠡᠷᠭᠡ | ᠵᠢᠭᠰᠠᠭᠠᠯ ᠤᠨ ᠭᠠᠵᠠᠷ ᠤᠨ ᠦᠢᠯᠡᠳᠦᠯ ᠢ ᠪᠠᠳᠠᠷᠠᠭᠤᠯᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ | ᠪᠠᠳᠠᠷᠠᠭᠤᠯᠬᠤ ᠭᠤᠣᠯ ᠰᠡᠳᠦᠪᠲᠦ ᠦᠢᠯᠡᠳᠦᠯᠭᠡ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠬᠦ ᠬᠡᠷᠡᠭᠲᠡᠢ᠃ | ᠠᠵᠢᠯᠯᠠᠭᠠᠨ ᠤ ᠠᠴᠢᠶᠠᠯᠠᠪᠤᠷᠢ ᠶᠢᠨ ᠰᠢᠨ᠎ᠡ ᠶᠢ ᠡᠭᠦᠳᠴᠦ᠂ ᠣᠨᠴᠠᠯᠢᠭᠲᠤ ᠡᠬᠢ ᠪᠠᠶᠠᠯᠢᠭ ᠢ ᠠᠭᠤᠳᠠᠯᠤᠨ᠂ ᠴᠠᠭᠠᠨ | ᠰᠠᠷ᠎ᠠ ᠶᠢᠨ ᠵᠠᠩ ᠵᠠᠩᠰᠢᠯ ᠰᠣᠶᠣᠯ ᠪᠠ ᠤᠯᠠᠮᠵᠢᠯᠠᠯᠲᠤ ᠰᠣᠶᠣᠯ ᠢ ᠪᠡᠶᠡᠴᠢᠯᠡᠨ ᠣᠶᠢᠯᠠᠭᠠᠬᠤ ᠠᠵᠢᠯᠯᠠᠭ᠎ᠠ ᠳᠤᠮᠳᠠ᠂ | ᠥᠷᠭᠡᠨ ᠣᠯᠠᠨ ᠬᠡᠦᠬᠡᠳ ᠢ ᠬᠥᠲᠥᠯᠥᠨ ᠵᠢᠯᠤᠭᠤᠳᠴᠤ ᠳᠤᠮᠳᠠᠳᠤ ᠶᠢᠨ ᠰᠣᠶᠣᠯ ᠤᠨ ᠭᠦᠨ ᠵᠤᠵᠠᠭᠠᠨ | ᠠᠭᠤᠯᠬᠤᠨ ᠢ ᠮᠡᠳᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | | | | | ᠮᠡᠳᠡᠭᠳᠡᠯ ᠳᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠡᠦᠬᠡᠳ ᠲᠤ | ᠲᠤᠯᠭᠠᠷᠠᠵᠤ ᠮᠡᠳᠡᠬᠦ ᠰᠠᠨᠠᠭᠠᠨ ᠳᠤ ᠦᠭᠡᠢ ᠭᠡᠮᠲᠦᠯ ᠪᠠ ᠬᠠᠤᠯᠢ ᠠᠴᠠ ᠵᠥᠷᠢᠴᠡᠭᠰᠡᠨ ᠬᠠᠯᠳᠠᠯᠭ᠎ᠠ ᠳᠤ | ᠠᠩᠬᠠᠷᠤᠯ ᠢᠶᠠᠨ ᠲᠥᠪᠯᠡᠷᠡᠭᠦᠯᠵᠦ᠂ ᠬᠡᠷᠡᠭ ᠠᠴᠠ ᠡᠮᠦᠨᠡᠬᠢ ᠰᠡᠷᠭᠡᠶᠢᠯᠡᠯᠲᠡ ᠶᠢᠨ ᠠᠵᠢᠯ ᠢ ᠦᠨᠡᠨ ᠪᠣᠳᠠᠲᠠᠢ ᠬᠢᠵᠦ᠂ | ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠢ ᠬᠠᠮᠠᠭᠠᠯᠠᠬᠤ ᠬᠡᠷᠡᠭᠲᠡᠢ᠃ ᠪᠦᠭᠦ ᠤᠯᠤᠰ ᠤᠨ | ᠡᠮᠡᠭᠲᠡᠶᠢᠴᠦᠳ ᠤᠨ ᠬᠤᠯᠪᠤᠭ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ︽ᠬᠡᠦᠬᠡᠳ ᠢ ᠬᠠᠯᠠᠮᠵᠢᠯᠠᠨ | ᠬᠠᠶᠢᠷᠠᠯᠠᠬᠤ ᠦᠢᠯᠡᠴᠢᠯᠡᠭᠡᠨ ᠤ ᠠᠮᠤᠷ ᠲᠦᠪᠰᠢᠨ ᠤ ᠵᠢᠵᠢᠭ ᠬᠡᠮᠡᠷᠯᠢᠭ ᠬᠠᠪᠲᠠᠭ᠎ᠠ︾ ᠶᠢ ᠦᠷᠭᠦᠯᠵᠢᠯᠡᠨ ᠲᠠᠷᠬᠠᠭᠠᠵᠤ᠂ | ᠡᠯ᠎ᠡ ᠭᠠᠵᠠᠷ ᠤᠨ ᠬᠢᠨ ᠨᠢᠭᠡ ᠤᠳᠠᠭ᠎ᠠ ᠶᠢᠨ ᠠᠮᠤᠷ ᠲᠦᠪᠰᠢᠨ ᠤ ᠮᠡᠳᠡᠯᠭᠡ ᠶᠢᠨ ᠤᠬᠠᠭᠤᠯᠭ᠎ᠠ ᠶᠢ ᠨᠡᠶᠢᠭᠡᠮ | ᠲᠣᠭᠤᠷᠢᠭ ᠲᠤ ᠣᠷᠣᠭᠤᠯᠬᠤ᠂ ᠭᠡᠷ ᠪᠦᠯᠢ ᠳᠤ ᠣᠷᠣᠭᠤᠯᠬᠤ ᠠᠵᠢᠯᠯᠠᠭ᠎ᠠ ᠶᠢ ᠥᠷᠨᠢᠭᠦᠯᠵᠦ᠂ ᠨᠠᠰᠤᠨ ᠳᠤ ᠥᠯᠥ | ᠭᠦᠷᠦᠭᠰᠡᠳ ᠢ ᠬᠠᠮᠠᠭᠠᠯᠠᠬᠤ ᠬᠠᠤᠯᠢ ᠵᠡᠷᠭᠡ ᠬᠠᠤᠯᠢ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠶᠢ | ᠴᠢᠩᠭᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠪᠦᠯ ᠤᠨ | ᠠᠮᠠᠷᠠᠯᠲᠠ ᠳᠤ ᠡᠴᠢᠭᠡ ᠡᠬᠡ ᠦᠷ᠎ᠡ ᠬᠡᠦᠬᠡᠳ ᠪᠠᠶᠠᠷ ᠭᠦᠷ ᠲᠠᠢ ᠪᠠᠷ ᠬᠠᠮᠲᠤ ᠪᠠᠶᠢᠯᠴᠠᠬᠤ ᠴᠠᠭ ᠲᠣᠭᠢᠶᠠᠯ ᠢ | ᠰᠠᠶᠢᠲᠤᠷ ᠠᠰᠢᠭᠯᠠᠵᠤ᠂ ︽ᠨᠣᠮ ᠪᠢᠴᠢᠭᠲᠦ ᠭᠡᠷ ᠪᠦᠯᠢ︾᠂ ︽ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠶᠢ ᠲᠦᠮᠡᠨ | ᠡᠷᠦᠭᠡ ᠳᠤ ᠬᠦᠷᠭᠡᠬᠦ︾ ᠵᠡᠷᠭᠡ ᠡᠴᠢᠭᠡ ᠡᠬᠡ ᠦᠷ᠎ᠡ ᠬᠡᠦᠬᠡᠳ ᠬᠠᠮᠲᠤ ᠪᠠᠷ ᠣᠷᠤᠯᠴᠠᠬᠤ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠥᠷᠨᠢᠭᠦᠯᠵᠦ᠂ ︽ᠵᠣᠯ ᠵᠢᠷᠭᠠᠯᠲᠤ ᠭᠡᠷ ᠪᠦᠯᠢ·ᠭᠡᠷ ᠪᠦᠯᠢ ᠶᠢᠨ ᠬᠥᠮᠦᠵᠢᠯ ᠤᠨ ᠦᠢᠯᠡᠴᠢᠯᠡᠭᠡ ᠶᠢᠨ | ᠬᠦᠷᠢᠶᠡᠯᠡᠩ︾ ᠤᠨ ᠲᠠᠪᠴᠠᠩ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠭᠡᠷ ᠤᠨ ᠠᠬᠠᠮᠠᠳ ᠢ ᠬᠠᠪᠰᠤᠷᠤᠨ | ᠰᠢᠨᠵᠢᠯᠡᠬᠦ ᠤᠬᠠᠭᠠᠨᠴᠢ ᠪᠠᠷ ᠬᠡᠦᠬᠡᠳ ᠬᠥᠮᠥᠵᠢᠭᠦᠯᠵᠦ᠂ ᠥᠷᠭᠡᠨ ᠣᠯᠠᠨ ᠬᠡᠦᠬᠡᠳ ᠢ ᠡᠴᠢᠭᠡ ᠡᠬᠡ ᠶᠢᠨ ᠢᠶᠠᠨ | ᠬᠠᠶᠢᠷ᠎ᠠ ᠬᠠᠯᠠᠮᠵᠢ ᠶᠢᠨ ᠳᠣᠣᠷ᠎ᠠ ᠦᠰᠦᠨ ᠪᠣᠶᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ | | | | | ᠮᠡᠳᠡᠭᠳᠡᠯ ᠳᠤ᠂ ᠭᠡᠷ ᠲᠡᠭᠡᠨ ᠬᠤᠴᠣᠷᠤᠭᠰᠠᠨ ᠬᠡᠦᠬᠡᠳ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠨᠡᠭᠦᠳᠡᠯ | ᠬᠡᠦᠬᠡᠳ ᠵᠡᠷᠭᠡ ᠣᠨᠴᠠᠭᠠᠶ ᠬᠦᠴᠢᠷᠳᠡᠯ ᠲᠠᠢ ᠬᠥᠮᠥᠰ ᠤᠨ ᠪᠣᠳᠠᠲᠠᠢ ᠬᠡᠷᠡᠭᠴᠡᠭᠡ ᠶᠢ ᠣᠨᠴᠠᠭᠠᠶᠢᠯᠠᠨ ᠠᠩᠬᠠᠷᠴᠤ᠂ | ᠲᠡᠳᠡᠨ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠡᠷᠦᠭᠡ ᠳᠤ ᠣᠷᠣᠵᠤ | ᠰᠤᠷᠪᠤᠯᠵᠢᠯᠠᠬᠤ ᠪᠠᠨ ᠴᠢᠩᠭᠠᠳᠬᠠᠵᠤ᠂ ᠡᠮᠡᠭᠲᠡᠶᠢᠴᠦᠳ ᠤᠨ ᠬᠤᠯᠪᠤᠭ᠎ᠠ ᠶᠢᠨ ᠭᠦᠢᠴᠡᠳᠬᠡᠬᠦ ᠵᠥᠪᠯᠡᠯ᠂ ᠬᠡᠦᠬᠡᠳ ᠤᠨ | ᠠᠵᠢᠯ ᠤᠨ ᠡᠷᠭᠢᠯᠡᠭᠴᠢ ᠵᠡᠷᠭᠡ ᠶᠢ ᠳᠠᠶᠢᠴᠢᠯᠠᠨ ᠬᠠᠷᠢᠶ᠎ᠠ ᠣᠷᠣᠨ ᠤ ᠪᠠᠨ ᠭᠡᠷ ᠲᠡᠭᠡᠨ ᠬᠤᠴᠣᠷᠤᠭᠰᠠᠨ | ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠳᠤ ᠬᠦᠷᠴᠦ᠂ ᠪᠣᠳᠠᠲᠠᠢ ᠪᠠᠶᠢᠳᠠᠯ ᠪᠠ ᠬᠡᠷᠡᠭᠴᠡᠭᠡ ᠶᠢ | ᠨᠢᠭᠤᠷᠳᠠᠨ ᠣᠶᠢᠯᠠᠭᠠᠵᠤ᠂ ᠢᠳᠡᠪᠬᠢᠲᠡᠢ ᠪᠠᠷ ᠬᠠᠪᠰᠤᠷᠤᠨ ᠰᠢᠢᠳᠪᠦᠷᠢᠯᠡᠵᠦ ᠥᠭᠬᠦ ᠬᠡᠷᠡᠭᠲᠡᠢ᠃ ᠬᠠᠪᠰᠤᠷᠤᠯᠴᠠᠭ᠎ᠠ | ᠪᠠᠶᠢᠭᠤᠯᠤᠨ ᠬᠠᠶᠢᠷᠠᠯᠠᠨ ᠬᠠᠯᠠᠮᠵᠢᠯᠠᠬᠤ ᠠᠵᠢᠯ ᠢ ᠰᠠᠶᠢᠲᠤᠷ ᠬᠢᠵᠦ᠂ ᠬᠠᠶᠢᠷ᠎ᠠ ᠬᠠᠯᠠᠮᠵᠢ ᠶᠢᠨ ᠡᠵᠢ ᠵᠡᠷᠭᠡ ᠰᠠᠶᠢᠨ | ᠳᠤᠷ᠎ᠠ ᠶᠢᠨ ᠦᠢᠯᠡᠴᠢᠯᠡᠭᠡᠨ ᠤ ᠡᠩᠨᠡᠭᠡ ᠶᠢᠨ ᠦᠢᠯᠡᠳᠦᠯ ᠢ ᠪᠠᠳᠠᠷᠠᠭᠤᠯᠵᠤ᠂ ᠬᠡᠦᠬᠡᠳ ᠤᠳ ᠲᠠᠢ ᠬᠠᠮᠲᠤ ᠰᠢᠨᠡᠯᠡᠵᠦ᠂ | ︽ᠥᠴᠥᠬᠡᠨ ᠪᠠᠭ᠎ᠠ ᠬᠦᠰᠡᠯ︾ ᠢ ᠨᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | | | | | ︵ᠰᠢᠨᠬᠤᠸᠠ ᠬᠤᠷᠢᠶ᠎ᠠ ᠶᠢᠨ ᠪᠡᠭᠡᠵᠢᠩ ᠤᠨ 1 ᠰᠠᠷ᠎ᠠ ᠶᠢᠨ 6 ᠤ ᠴᠠᠭᠢᠯᠭᠠᠨ ᠮᠡᠳᠡᠭᠡ︶ | |