| | | | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ | ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ 2024 ᠣᠨ ᠳᠤ ᠮᠠᠨ ᠤ ᠣᠷᠣᠨ ᠳᠠᠭᠢᠨ ᠶᠠᠳᠠᠭᠤᠷᠠᠬᠤ ᠶᠢ | ᠰᠡᠷᠭᠡᠶᠢᠯᠡᠬᠦ ᠪᠣᠭᠤᠮᠲᠠ ᠰᠢᠪᠲᠤᠯᠬᠤ ᠠᠵᠢᠯᠯᠠᠭ᠎ᠠ ᠶᠢ ᠭᠦᠨᠵᠡᠭᠡᠢ ᠠᠬᠢᠭᠤᠯᠤᠭᠰᠠᠨ ᠢᠶᠠᠷ ᠪᠦᠭᠦ ᠵᠢᠯ ᠤᠨ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠠᠵᠢᠯ ᠬᠢᠵᠦ ᠠᠵᠢᠯ ᠣᠯᠣᠭᠰᠠᠨ ᠬᠡᠪᠴᠢᠶ᠎ᠡ 23.8 ᠲᠦᠮᠡ ᠳᠤ ᠬᠦᠷᠴᠦ᠂ | ᠣᠨ ᠤ ᠬᠠᠷᠠᠯᠲᠠ ᠡᠭᠦᠷᠭᠡ ᠪᠠᠨ 121.3% ᠪᠠᠷ ᠪᠡᠶᠡᠯᠡᠭᠦᠯᠪᠡ᠃ | | | | | ᠮᠠᠨ ᠤ ᠣᠷᠣᠨ ᠬᠠᠷᠢᠭᠤᠴᠠᠯᠭ᠎ᠠ ᠶᠢᠨ ᠬᠡᠯᠬᠢᠶ᠎ᠡ ᠶᠢ ᠴᠢᠩᠭᠠᠳᠬᠠᠨ ᠪᠣᠳᠠᠲᠠᠶᠢᠵᠢᠭᠤᠯᠵᠤ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠣᠯᠭᠤᠬᠤ ᠠᠵᠢᠯ ᠢ | ᠪᠣᠳᠠᠲᠠᠢ ᠠᠳᠬᠤᠪᠠ᠃ ᠠᠵᠢᠯ ᠤᠨ ᠪᠠᠶᠢᠷᠢ ᠶᠢ ᠥᠷᠭᠡᠳᠬᠡᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠳᠤ | ᠠᠩᠬᠠᠷᠤᠯ ᠢᠶᠠᠨ ᠲᠥᠪᠯᠡᠷᠡᠭᠦᠯᠵᠦ᠂ ᠪᠡᠭᠡᠵᠢᠩ ᠥᠪᠥᠷ ᠮᠣᠩᠭᠤᠯ ᠤᠨ ᠭᠦᠳᠡᠯᠮᠦᠷᠢ ᠬᠦᠴᠦᠨ ᠤ ᠬᠠᠮᠵᠢᠯᠴᠠᠭ᠎ᠠ ᠶᠢ | ᠦᠷᠭᠦᠯᠵᠢᠯᠡᠨ ᠴᠢᠩᠭᠠᠳᠬᠠᠵᠤ᠂ 2024 ᠣᠨ ᠳᠤ ᠪᠡᠭᠡᠵᠢᠩ ᠬᠤᠲᠠ ᠮᠠᠨ ᠤ ᠣᠷᠣᠨ ᠢ ᠬᠠᠪᠰᠤᠷᠤᠨ ᠮᠠᠯᠵᠢᠬᠤ | ᠲᠠᠷᠢᠶᠠᠯᠠᠬᠤ ᠣᠷᠣᠨ ᠤ 6.97 ᠲᠦᠮᠡᠨ ᠭᠦᠳᠡᠯᠮᠦᠷᠢ ᠬᠦᠴᠦᠨ ᠳᠤ ᠠᠵᠢᠯ ᠣᠯᠭᠤᠪᠠ᠃ ᠠᠵᠤ ᠦᠢᠯᠡᠰ ᠤᠨ | ᠬᠦᠷᠢᠶᠡᠯᠡᠩ ᠲᠣᠭᠤᠷᠢᠭ ᠢ ᠬᠠᠮᠲᠤ ᠪᠠᠷ ᠪᠦᠲᠦᠭᠡᠨ ᠪᠠᠶᠢᠭᠤᠯᠬᠤ ᠳᠤ ᠲᠦᠰᠢᠭᠯᠡᠨ᠂ ᠭᠠᠵᠠᠷ ᠣᠷᠣᠨ ᠳᠤ | ᠰᠠᠭᠤᠷᠢᠰᠢᠭ᠎ᠠ ᠪᠡᠭᠡᠵᠢᠩ ᠬᠤᠲᠠ ᠶᠢᠨ ᠠᠵᠤ ᠠᠬᠤᠶᠢᠯᠠᠯ ᠵᠢᠴᠢ ᠪᠡᠭᠡᠵᠢᠩ ᠥᠪᠥᠷ ᠮᠣᠩᠭᠤᠯ ᠤᠨ ᠬᠠᠮᠵᠢᠯᠴᠠᠨ | ᠠᠰᠢᠭ ᠭᠦᠷᠳᠡᠭᠦ ᠠᠵᠤ ᠠᠬᠤᠶᠢᠯᠠᠯ ᠠᠴᠠ ᠪᠡᠭᠡᠵᠢᠩ ᠥᠪᠥᠷ ᠮᠣᠩᠭᠤᠯ ᠤᠨ ᠭᠦᠳᠡᠯᠮᠦᠷᠢ ᠬᠦᠴᠦᠨ ᠤ ᠬᠠᠮᠵᠢᠯᠴᠠᠨ | ᠠᠵᠢᠯ ᠣᠯᠭᠤᠬᠤ ᠰᠠᠭᠤᠷᠢᠨ ᠢ ᠨᠡᠶᠢᠲᠡ 62 ᠪᠠᠶᠢᠭᠤᠯᠵᠤ᠂ ᠣᠶᠢᠷ᠎ᠠ ᠬᠠᠪᠢ ᠶᠢᠨ ᠪᠠ ᠲᠤᠬᠠᠢ ᠶᠢᠨ ᠭᠠᠵᠠᠷ ᠤᠨ 5. | 76 ᠲᠦᠮᠡᠨ ᠭᠦᠳᠡᠯᠮᠦᠷᠢ ᠬᠦᠴᠦᠨ ᠢ ᠰᠢᠩᠭᠡᠬᠡᠨ ᠠᠪᠴᠤ᠂ ᠡᠭᠦᠨ ᠳᠤ ᠶᠠᠳᠠᠭᠤ ᠠᠴᠠ ᠠᠩᠭᠢᠵᠢᠷᠠᠭᠰᠠᠨ ᠬᠥᠮᠥᠨ | ᠠᠮᠠ 4.43 ᠲᠦᠮᠡ ᠪᠤᠶ᠃ ᠬᠥᠳᠡᠭᠡ ᠲᠣᠰᠬᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ | ᠪᠠᠶᠢᠷᠢ ᠶᠢᠨ ᠦᠨᠳᠦᠰᠦᠨ ᠵᠦᠢᠯ ᠢ ᠪᠠᠲᠤᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠬᠥᠳᠡᠭᠡ ᠲᠣᠰᠬᠤᠨ ᠤ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ 8.9 ᠲᠦᠮᠡᠨ ᠬᠥᠮᠥᠨ ᠢ ᠲᠥᠪᠬᠢᠨᠡᠭᠦᠯᠪᠡ᠃ | ᠠᠵᠢᠯ ᠣᠯᠭᠤᠯᠲᠠ ᠪᠠᠷ ᠬᠠᠪᠰᠤᠷᠤᠨ ᠲᠡᠳᠬᠦᠬᠦ 185 ᠦᠢᠯᠡᠳᠪᠦᠷᠢ ᠶᠢᠨ ᠲᠠᠰᠤᠭ ᠤᠨ ᠡᠷᠡᠭᠦᠯ ᠢᠶᠠᠷ ᠬᠥᠭᠵᠢᠬᠦ ᠶᠢ | ᠳᠠᠮᠵᠢᠵᠤ᠂ 1837 ᠶᠠᠳᠠᠭᠤ ᠠᠴᠠ ᠠᠩᠭᠢᠵᠢᠷᠠᠭᠰᠠᠨ ᠭᠦᠳᠡᠯᠮᠦᠷᠢ ᠬᠦᠴᠦᠨ ᠳᠤ ᠠᠵᠢᠯ ᠣᠯᠭᠤᠪᠠ᠃ | | | | | ᠡᠭᠦᠨ ᠤ ᠬᠠᠮᠲᠤ᠂ ᠮᠠᠨ ᠤ ᠣᠷᠣᠨ ᠣᠨᠣᠴᠠᠲᠠᠢ ᠪᠠᠷ ᠬᠢᠨᠠᠨ ᠬᠡᠮᠵᠢᠬᠦ ᠶᠢᠨ ᠲᠣᠭᠤᠷᠢᠨ ᠳᠤ᠂ ᠰᠦᠯᠵᠢᠶᠡᠨ | ᠳᠡᠭᠡᠷ᠎ᠡ ᠪᠠ ᠠᠬᠤᠢ ᠳᠠᠯᠠᠪᠠᠢ ᠶᠢᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠵᠤ᠂ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠪᠠᠰᠤ ᠵᠣᠬᠢᠬᠤ ᠶᠢ ᠨᠢ ᠪᠦᠭᠦᠨ ᠢ ᠠᠵᠢᠯ ᠣᠯᠭᠤᠬᠤ ᠶᠢ ᠦᠨᠡᠨ | ᠬᠦ ᠪᠠᠲᠤᠯᠠᠪᠠ᠃ ᠰᠦᠯᠵᠢᠶᠡᠨ ᠳᠡᠭᠡᠷ᠎ᠡ᠂ ᠮᠡᠳᠡᠭᠡ ᠵᠠᠩᠭᠢ ᠶᠢᠨ ᠰᠢᠰᠲ᠋ᠧᠮ ᠤᠨ ᠬᠢᠨᠠᠨ ᠬᠡᠮᠵᠢᠵᠦ ᠲᠣᠬᠢᠷᠠᠭᠤᠯᠬᠤ | ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠭᠤᠴᠢᠨ ᠪᠠᠶᠢᠴᠠᠭᠠᠬᠤ ᠪᠠ ᠬᠠᠷᠢᠴᠠᠭᠤᠯᠬᠤ ᠠᠵᠢᠯ ᠢ ᠴᠢᠩᠭ᠎ᠠ | ᠥᠷᠨᠢᠭᠦᠯᠵᠦ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠶᠢᠨ ᠠᠵᠢᠯ ᠣᠯᠭᠤᠯᠲᠠ ᠶᠢᠨ ᠲᠤᠭ᠎ᠠ ᠪᠠᠷᠢᠮᠲᠠ ᠶᠢ | ᠪᠦᠭᠦ ᠲᠠᠯ᠎ᠠ ᠪᠠᠷ ᠬᠠᠷᠭᠤᠭᠤᠯᠤᠨ ᠪᠠᠶᠢᠴᠠᠭᠠᠵᠤ᠂ ᠠᠵᠢᠯ ᠣᠯᠭᠤᠯᠲᠠ ᠶᠢᠨ ᠲᠤᠭ᠎ᠠ ᠪᠠᠷᠢᠮᠲᠠ ᠶᠢᠨ ᠯᠣᠭᠢᠭ ᠢ ᠴᠢᠩᠭ᠎ᠠ | ᠡᠵᠡᠮᠳᠡᠵᠦ᠂ ︽ᠲᠣᠭᠠᠴᠢᠯᠠᠭᠰᠠᠨ ᠠᠵᠢᠯ ᠣᠯᠭᠤᠯᠲᠠ︾ ᠶᠢ ᠴᠢᠩᠭ᠎ᠠ ᠰᠡᠷᠭᠡᠶᠢᠯᠡᠪᠡ᠃ ᠠᠬᠤᠢ ᠳᠠᠯᠠᠪᠠᠢ ᠳᠤ᠂ ᠬᠥᠯᠥᠰᠦᠨ | ᠠᠵᠢᠯ ᠬᠢᠵᠦ ᠠᠵᠢᠯ ᠣᠯᠣᠭᠰᠠᠨ ᠮᠡᠳᠡᠭᠡ ᠵᠠᠩᠭᠢ ᠶᠢ ᠤᠲᠠᠰᠤ ᠪᠠᠷ ᠪᠠᠶᠢᠴᠠᠭᠠᠨ ᠰᠤᠳᠤᠯᠬᠤ ᠠᠵᠢᠯᠯᠠᠭ᠎ᠠ | ᠥᠷᠨᠢᠭᠦᠯᠵᠦ᠂ ᠪᠠᠶᠢᠩᠭᠤ ᠶᠢᠨ ᠬᠢᠨᠠᠨ ᠵᠢᠯᠣᠭᠤᠳᠤᠯᠭ᠎ᠠ ᠶᠢ ᠬᠡᠷᠡᠭᠵᠢᠭᠦᠯᠦᠨ᠂ ᠴᠠᠭ ᠲᠤᠬᠠᠢ ᠳᠤᠨᠢ ᠠᠰᠠᠭᠤᠳᠠᠯ ᠢ | ᠢᠯᠡᠷᠡᠭᠦᠯᠵᠦ᠂ ᠬᠠᠷᠢᠭᠤ ᠲᠤᠰᠬᠠᠵᠤ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ᠂ ᠡᠯ᠎ᠡ ᠱᠠᠲᠤᠨ ᠤ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠪᠣᠯᠣᠨ ᠲᠠᠷᠢᠶᠠᠯᠠᠩ ᠮᠠᠯ ᠠᠵᠤ | ᠠᠬᠤᠢ ᠶᠢᠨ ᠰᠠᠯᠠᠭ᠎ᠠ ᠮᠥᠴᠢᠷ ᠤᠨ ᠬᠠᠮᠵᠢᠯᠴᠠᠨ ᠬᠤᠯᠪᠣᠯᠳᠤᠬᠤ ᠶᠢ ᠠᠬᠢᠭᠤᠯᠪᠠ᠃ | | |