| | | | ᠡᠪᠦᠯ ᠪᠣᠯᠵᠤ ᠲᠡᠭᠷᠢ ᠬᠦᠢᠲᠡᠷᠡᠬᠦ ᠪᠠᠷ ᠬᠥᠮᠥᠰ ᠤᠨ ᠭᠡᠷ ᠤᠨ ᠭᠠᠳᠠᠨᠠᠬᠢ ᠬᠥᠳᠡᠯᠭᠡᠭᠡᠨ ᠳᠤ ᠣᠷᠤᠯᠴᠠᠬᠤ ᠶᠢ | ᠵᠣᠬᠢᠬᠤ ᠬᠡᠮᠵᠢᠶ᠎ᠡ ᠪᠠᠷ ᠨᠥᠯᠥᠭᠡᠯᠡᠬᠦ ᠪᠣᠯᠣᠯ᠎ᠠ᠃ ᠡᠪᠦᠯ ᠤᠨ ᠤᠯᠠᠷᠢᠯ ᠳᠤ ᠬᠦᠢᠲᠡᠨ ᠠᠴᠠ ᠠᠶᠤᠵᠤ ᠠᠯᠵᠠᠭᠤᠷᠠᠨ | ᠵᠠᠯᠬᠠᠭᠤᠷᠠᠵᠤ ᠭᠡᠷ ᠲᠡᠭᠡᠨ ᠰᠠᠭᠤᠬᠤ ᠨᠢ ᠵᠣᠬᠢᠰ ᠦᠭᠡᠢ ᠶᠤᠮ᠃ ᠬᠠᠷᠢᠨ ᠡᠭᠦᠨ ᠤ ᠡᠰᠡᠷᠭᠦ ᠪᠠᠷ᠂ ᠵᠣᠬᠢᠰᠲᠠᠢ | ᠪᠡᠶ᠎ᠡ ᠶᠢᠨ ᠲᠠᠮᠢᠷ ᠤᠨ ᠬᠥᠳᠡᠯᠭᠡᠭᠡᠨ ᠬᠢᠬᠦ ᠨᠢ ᠬᠥᠮᠥᠰ ᠤᠨ ᠪᠡᠶ᠎ᠡ ᠮᠠᠬᠠᠪᠤᠳ ᠢ ᠴᠢᠭᠢᠷᠠᠭᠵᠢᠭᠤᠯᠵᠤ᠂ ᠡᠭᠡᠯᠢᠯᠡᠭᠡ ᠶᠢᠨ | ᠴᠢᠳᠠᠪᠤᠷᠢ ᠪᠠ ᠵᠢᠷᠦᠬᠡ ᠠᠭᠤᠰᠬᠢᠨ ᠤ ᠴᠢᠳᠠᠪᠤᠷᠢ ᠶᠢ ᠳᠡᠭᠡᠭᠰᠢᠯᠡᠭᠦᠯᠭᠦ ᠪᠠᠷ ᠪᠠᠷᠠᠬᠤ ᠦᠭᠡᠢ᠂ ᠪᠠᠰᠠ ᠪᠡᠶ᠎ᠡ | ᠮᠠᠬᠠᠪᠤᠳ ᠢ ᠬᠠᠬᠢᠷ ᠬᠦᠢᠲᠡᠨ ᠣᠷᠴᠢᠨ ᠲᠣᠭᠤᠷᠢᠨ ᠳᠤ ᠨᠠᠩ ᠰᠠᠶᠢᠨ ᠵᠣᠬᠢᠴᠠᠬᠤ ᠪᠤᠯᠭᠠᠵᠤ᠂ ᠡᠷᠡᠭᠦᠯ ᠴᠢᠭᠢᠷᠠᠭ ᠪᠠ | ᠠᠮᠢᠵᠢᠷᠠᠯ ᠤᠨ ᠬᠦᠴᠦᠨ ᠲᠠᠢ ᠪᠠᠶᠢᠬᠤ ᠶᠢ ᠪᠠᠲᠤᠯᠠᠵᠤ ᠴᠢᠳᠠᠳᠠᠭ ᠠᠵᠢ᠃ | | | ᠲᠡᠭᠡᠪᠡᠯ᠂ ᠶᠠᠮᠠᠷ ᠶᠠᠮᠠᠷ ᠬᠥᠳᠡᠯᠭᠡᠭᠡᠨ ᠨᠢ ᠡᠪᠦᠯ ᠤᠨ ᠤᠯᠠᠷᠢᠯ ᠳᠤ ᠲᠣᠬᠢᠷᠠᠬᠤ ᠪᠤᠢ︖ ᠡᠩ ᠲᠡᠷᠢᠭᠦᠨ ᠳᠤ | ᠭᠦᠶᠦᠵᠦ ᠪᠣᠯᠣᠨ᠎ᠠ᠃ ᠭᠦᠶᠦᠬᠦ ᠨᠢ ᠶᠠᠪᠤᠬᠤ ᠲᠤᠳᠤᠮ ᠬᠥᠮᠥᠰ ᠤᠨ ᠬᠦᠷᠢᠶᠡᠯᠡᠯ ᠢ ᠣᠯᠵᠤ ᠪᠠᠶᠢᠨ᠎ᠠ᠃ ᠲᠤᠰᠬᠠᠢ | ᠮᠡᠷᠭᠡᠵᠢᠯᠲᠡᠨ ᠤ ᠦᠵᠡᠬᠦ ᠪᠠᠷ᠂ ᠭᠦᠶᠦᠬᠦ ᠨᠢ ᠬᠦᠵᠦᠭᠦᠦ ᠰᠡᠭᠡᠷ᠂ ᠮᠥᠷᠥᠨ ᠤ ᠬᠡᠰᠡᠭ ᠤᠨ ᠠᠰᠠᠭᠤᠳᠠᠯ ᠢ ᠢᠯᠡᠳᠲᠡ | ᠰᠠᠶᠢᠵᠢᠷᠠᠭᠤᠯᠵᠤ᠂ ᠵᠢᠷᠦᠬᠡ ᠠᠭᠤᠰᠬᠢᠨ ᠤ ᠴᠢᠳᠠᠮᠵᠢ ᠶᠢ ᠳᠡᠭᠡᠭᠰᠢᠯᠡᠭᠦᠯᠵᠦ ᠪᠣᠯᠣᠨ᠎ᠠ᠃ ᠭᠡᠬᠦ ᠳᠡᠭᠡᠨ ᠪᠡᠶ᠎ᠡ ᠶᠢᠨ | ᠬᠦᠨᠳᠦ ᠪᠠᠨ ᠬᠢᠵᠠᠭᠠᠷᠯᠠᠵᠤ ᠪᠠᠶᠢᠭ᠎ᠠ ᠪᠤᠶᠤ ᠪᠡᠶ᠎ᠡ ᠪᠢᠯᠳᠠᠷ ᠤᠨ ᠬᠡᠪ ᠤᠨ ᠪᠠᠶᠢᠳᠠᠯ ᠢᠶᠠᠨ ᠪᠠᠷᠢᠮᠲᠠᠯᠠᠬᠤ ᠰᠠᠨᠠᠭ᠎ᠠ ᠲᠠᠢ | ᠬᠥᠮᠥᠰ ᠲᠤ ᠠᠪᠴᠤ ᠬᠡᠯᠡᠪᠡᠯ᠂ ᠠᠭᠠᠵᠢᠮ ᠭᠦᠶᠦᠬᠦ ᠨᠢ ᠪᠡᠶ᠎ᠡ ᠶᠢᠨ ᠳᠣᠲᠣᠷᠠᠬᠢ ᠢᠯᠡᠭᠦᠴᠡ ᠥᠭᠡᠬᠦ ᠶᠢ | ᠬᠤᠷᠣᠭᠳᠠᠭᠤᠯᠬᠤ ᠳᠤ ᠮᠠᠰᠢ ᠠᠰᠢᠭᠲᠠᠢ ᠪᠠᠶᠢᠳᠠᠭ᠃ ᠭᠡᠪᠡᠴᠦ ᠠᠩᠬᠠᠷᠬᠤ ᠴᠢᠬᠤᠯᠠᠲᠠᠢ ᠵᠦᠢᠯ ᠭᠡᠪᠡᠯ᠂ ᠭᠦᠶᠦᠬᠦ ᠳᠡᠭᠡᠨ | ᠴᠡᠴᠡᠷᠯᠢᠭ᠂ ᠭᠤᠣᠯ ᠤᠨ ᠭᠦᠪᠡᠭᠡ ᠪᠤᠶᠤ ᠰᠤᠷᠭᠠᠭᠤᠯᠢ ᠶᠢᠨ ᠬᠦᠷᠢᠶᠡᠨ ᠤ ᠭᠦᠶᠦᠯᠲᠡ ᠶᠢᠨ ᠵᠠᠮ ᠵᠡᠷᠭᠡ ᠠᠭᠠᠷ ᠰᠢᠨ᠎ᠡ | ᠰᠣᠷᠭᠤᠭ ᠣᠷᠴᠢᠨ ᠲᠣᠭᠤᠷᠢᠨ ᠢ ᠰᠣᠩᠭᠤᠪᠠᠯ ᠰᠠᠶᠢᠨ᠂ ᠬᠠᠬᠢᠷ ᠬᠦᠢᠲᠡᠨ ᠠᠭᠤᠷ ᠠᠮᠢᠰᠬᠤᠯ ᠳᠤ ᠭᠡᠷ ᠤᠨ ᠭᠠᠳᠠᠨ᠎ᠠ | ᠣᠷᠳᠣ ᠬᠤᠭᠤᠴᠠᠭ᠎ᠠ ᠭᠦᠶᠦᠬᠦ ᠶᠢ ᠰᠠᠨᠠᠭᠠᠴᠢᠯᠠᠬᠤ ᠦᠭᠡᠢ᠃ ᠳᠠᠷᠠᠭᠠᠯᠠᠪᠠᠯ ᠳᠡᠭᠡᠰᠦ ᠦᠰᠦᠷᠴᠦ ᠪᠣᠯᠣᠨ᠎ᠠ᠃ | ᠠᠭᠠᠷ ᠤᠨ ᠳᠤᠯᠠᠭᠠᠨ ᠬᠦᠢᠲᠡᠷᠡᠬᠦ ᠶᠢ ᠳᠠᠭᠠᠯᠳᠤᠨ᠂ ᠣᠯᠠᠩᠬᠢ ᠬᠥᠮᠥᠰ ᠭᠡᠷ ᠳᠣᠲᠣᠷ᠎ᠠ ᠬᠥᠳᠡᠯᠭᠡᠭᠡᠨ ᠬᠢᠬᠦ ᠪᠣᠯᠵᠠᠢ᠂ | ᠡᠭᠦᠨ ᠳᠤ ᠳᠡᠭᠡᠰᠦ ᠦᠰᠦᠷᠬᠦ ᠨᠢ ᠠᠶᠠᠨᠳᠠᠭᠠᠨ ᠤ ᠰᠣᠩᠭᠤᠯᠲᠠ ᠶᠢᠨ ᠨᠢᠭᠡ ᠪᠣᠯᠵᠠᠢ᠃ ᠱᠠᠩᠬᠠᠢ ᠶᠢᠨ ᠪᠡᠶ᠎ᠡ ᠶᠢᠨ | ᠲᠠᠮᠢᠷ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠭᠠᠵᠠᠷ ︵ᠱᠠᠩᠬᠠᠢ ᠬᠤᠲᠠ ᠶᠢᠨ ᠬᠥᠭᠡᠷᠦᠭᠦᠯᠬᠦ ᠡᠮ ᠬᠡᠷᠡᠭᠯᠡᠬᠦ ᠶᠢ | ᠡᠰᠡᠷᠭᠦᠴᠡᠬᠦ ᠲᠥᠪ︶ ᠤᠨ ᠲᠤᠰᠬᠠᠢ ᠮᠡᠷᠭᠡᠵᠢᠯᠲᠡᠨ ᠤ ᠲᠠᠨᠢᠯᠴᠠᠭᠤᠯᠤᠭᠰᠠᠨ ᠢᠶᠠᠷ᠂ ᠳᠡᠭᠡᠰᠦ ᠦᠰᠦᠷᠬᠦ ᠪᠣᠯ ᠨᠢᠭᠡ | ᠵᠦᠢᠯ ᠤᠨ ᠥᠨᠳᠥᠷ ᠪᠦᠲᠦᠮᠵᠢᠲᠡᠢ ᠬᠦᠴᠢᠯᠲᠥ᠋ᠷᠥᠭᠴᠢᠲᠦ ᠬᠥᠳᠡᠯᠭᠡᠭᠡᠨ ᠪᠣᠯᠣᠨ᠎ᠠ᠂ ᠡᠭᠡᠯᠢᠯᠡᠭᠡ ᠶᠢᠨ ᠴᠢᠳᠠᠪᠤᠷᠢ ᠵᠢᠴᠢ | ᠵᠢᠷᠦᠬᠡ ᠠᠭᠤᠰᠬᠢᠨ ᠤ ᠴᠢᠳᠠᠪᠤᠷᠢ ᠶᠢ ᠳᠡᠭᠡᠭᠰᠢᠯᠡᠭᠦᠯᠭᠦ ᠪᠠᠷ ᠪᠠᠷᠠᠬᠤ ᠦᠭᠡᠢ ᠪᠠᠰᠠ ᠵᠠᠯᠠᠭᠤᠴᠤᠳ ᠪᠠᠭᠠᠴᠤᠳ ᠤᠨ | ᠦᠰᠦᠨ ᠪᠤᠶᠢᠵᠢᠯᠲᠠ ᠳᠤ ᠠᠰᠢᠭᠲᠠᠢ᠃ ᠳᠡᠭᠡᠰᠦ ᠦᠰᠦᠷᠬᠦ ᠨᠢ ᠪᠠᠰᠠ ᠪᠦᠭᠦ ᠪᠡᠶ᠎ᠡ ᠶᠢᠨ ᠣᠯᠠᠨ ᠬᠡᠰᠡᠭ ᠤᠨ | ᠪᠤᠯᠴᠢᠩ ᠢ ᠪᠤᠯᠪᠠᠰᠤᠷᠠᠭᠤᠯᠵᠤ᠂ ᠪᠡᠶ᠎ᠡ ᠶᠢᠨ ᠵᠣᠬᠢᠴᠠᠭᠤᠯᠬᠤ ᠴᠢᠳᠠᠪᠤᠷᠢ ᠶᠢ ᠪᠤᠯᠪᠠᠰᠤᠷᠠᠭᠤᠯᠵᠤ ᠴᠢᠳᠠᠨ᠎ᠠ᠃ ᠭᠡᠪᠡᠴᠦ | ᠲᠤᠰᠬᠠᠢ ᠮᠡᠷᠭᠡᠵᠢᠯᠲᠡᠨ ᠤ ᠰᠠᠨᠠᠭᠤᠯᠤᠭᠰᠠᠨ ᠢᠶᠠᠷ᠂ ᠳᠡᠭᠡᠰᠦ ᠦᠰᠦᠷᠬᠦ ᠬᠥᠳᠡᠯᠭᠡᠭᠡᠨ ᠤ ᠬᠦᠴᠦᠯᠡᠴᠡ ᠨᠡᠯᠢᠶᠡᠳ ᠶᠡᠭᠡ | ᠪᠣᠯᠬᠤᠷ ᠪᠡᠶ᠎ᠡ ᠮᠠᠬᠠᠪᠤᠳ ᠡᠷᠡᠭᠦᠯ ᠴᠢᠭᠢᠷᠠᠭ᠂ ᠬᠥᠳᠡᠯᠭᠡᠭᠡᠨ ᠬᠢᠳᠡᠭ ᠳᠠᠳᠬᠠᠯ ᠲᠠᠢ ᠬᠡᠦᠬᠡᠳ᠂ ᠵᠠᠯᠠᠭᠤᠴᠤᠳ | ᠪᠠᠭᠠᠴᠤᠳ ᠪᠠ ᠨᠠᠰᠤᠨ ᠳᠤ ᠭᠦᠷᠦᠭᠰᠡᠳ ᠲᠤ ᠲᠣᠬᠢᠷᠠᠨ᠎ᠠ᠃ ᠲᠡᠷᠡ ᠮᠥᠷᠲᠡᠭᠡᠨ ᠳᠡᠭᠡᠰᠦ ᠦᠰᠦᠷᠬᠦ ᠦᠶᠡᠰ | ᠴᠢᠳᠠᠬᠤ ᠶᠢᠨ ᠬᠢᠷᠢ ᠪᠠᠷ ᠲᠡᠭᠰᠢᠬᠡᠨ ᠮᠥᠷᠲᠡᠭᠡᠨ ᠵᠣᠬᠢᠬᠤ ᠬᠠᠷᠢᠮᠠᠬᠠᠢ ᠴᠢᠨᠠᠷ ᠲᠠᠢ ᠭᠠᠵᠠᠷ ᠤᠨ ᠭᠠᠳᠠᠷᠭᠤ ᠶᠢ | ᠰᠣᠩᠭᠤᠵᠤ᠂ ᠬᠥᠳᠡᠯᠭᠡᠭᠡᠨ ᠬᠢᠬᠦ ᠠᠴᠠ ᠡᠮᠦᠨ᠎ᠡ ᠪᠡᠶ᠎ᠡ ᠪᠠᠨ ᠰᠠᠶᠢᠲᠤᠷ ᠳᠠᠰᠬᠠᠵᠤ᠂ ᠬᠥᠳᠡᠯᠭᠡᠭᠡᠨ ᠳᠠᠭᠤᠰᠤᠭᠰᠠᠨ ᠤ | ᠳᠠᠷᠠᠭ᠎ᠠ ᠪᠡᠶ᠎ᠡ ᠪᠠᠨ ᠰᠤᠯᠠ ᠲᠠᠯᠪᠢᠬᠤ ᠨᠢ ᠪᠦᠷ ᠠᠳᠠᠯᠢᠬᠠᠨ ᠴᠢᠬᠤᠯᠠ ᠶᠤᠮ᠃ ᠳᠠᠭᠢᠪᠠᠯ ᠠᠯᠬᠤᠵᠤ ᠪᠣᠯᠣᠨ᠎ᠠ᠃ | ᠠᠯᠬᠤᠬᠤ ᠪᠣᠯ ᠨᠢᠭᠡ ᠵᠦᠢᠯ ᠤᠨ ᠪᠠᠶᠠᠷ ᠭᠦᠷ ᠲᠠᠢ ᠬᠥᠳᠡᠯᠭᠡᠭᠡᠨ ᠤ ᠭᠡᠯᠪᠡᠷᠢ ᠪᠠᠶᠢᠵᠤ᠂ ᠡᠯ᠎ᠡ ᠨᠠᠰᠤᠨ ᠤ ᠬᠥᠮᠥᠰ ᠲᠤ | ᠪᠦᠷ ᠲᠣᠬᠢᠷᠠᠨ᠎ᠠ᠃ ᠠᠯᠬᠤᠬᠤ ᠨᠢ ᠬᠤᠳᠣᠭᠤᠳᠤ ᠭᠡᠳᠡᠰᠦᠨ ᠤ ᠬᠥᠳᠡᠯᠭᠡᠭᠡᠨ ᠢ ᠠᠬᠢᠭᠤᠯᠵᠤ᠂ ᠰᠢᠩᠭᠡᠭᠡᠯᠲᠡ ᠳᠤ | ᠠᠰᠢᠭᠲᠠᠢ ᠪᠠᠷ ᠪᠠᠷᠠᠬᠤ ᠦᠭᠡᠢ᠂ ᠪᠠᠰᠠ ᠣᠶᠤᠨ ᠰᠠᠨᠠᠭᠠᠨ ᠤ ᠳᠠᠷᠤᠯᠲᠠ ᠶᠢ ᠬᠥᠩᠭᠡᠷᠡᠭᠦᠯᠵᠦ᠂ ᠨᠣᠶᠢᠷ ᠢ | ᠰᠠᠶᠢᠵᠢᠷᠠᠭᠤᠯᠳᠠᠭ᠃ ᠨᠠᠰᠤᠲᠠᠢ ᠬᠥᠮᠥᠨ ᠪᠤᠶᠤ ᠪᠡᠶ᠎ᠡ ᠮᠠᠭᠤᠲᠠᠢ ᠬᠥᠮᠥᠨ ᠳᠤ ᠠᠪᠴᠤ ᠬᠡᠯᠡᠪᠡᠯ᠂ ᠠᠯᠬᠤᠬᠤ ᠨᠢ ᠨᠢᠭᠡ | ᠵᠦᠢᠯ ᠤᠨ ᠠᠮᠤᠷ ᠲᠦᠪᠰᠢᠨ ᠮᠥᠷᠲᠡᠭᠡᠨ ᠪᠦᠲᠦᠮᠵᠢᠲᠡᠶ ᠪᠣᠯᠪᠠᠰᠤᠷᠠᠬᠤ ᠠᠷᠭ᠎ᠠ ᠪᠣᠯᠣᠨ᠎ᠠ᠃ ᠠᠯᠬᠤᠬᠤ ᠳᠤ | ᠴᠡᠴᠡᠷᠯᠢᠭ᠂ ᠰᠠᠭᠤᠭᠠᠯᠢ ᠲᠣᠭᠤᠷᠢᠭ ᠤᠨ ᠵᠦᠯᠭᠡ ᠪᠤᠶᠤ ᠭᠤᠣᠯ ᠤᠨ ᠬᠥᠪᠡᠭᠡᠨ ᠤ ᠦᠵᠡᠮᠵᠢ ᠰᠠᠶᠢᠬᠠᠨ᠂ ᠠᠭᠠᠷ ᠴᠡᠪᠡᠷ | ᠭᠠᠵᠠᠷ ᠢ ᠰᠣᠩᠭᠤᠵᠤ ᠰᠡᠯᠡᠭᠦᠴᠡᠨ ᠠᠯᠬᠤᠵᠤ᠂ ᠪᠡᠶ᠎ᠡ ᠰᠡᠳᠬᠢᠴᠡ ᠪᠠᠨ ᠲᠠᠶᠢᠳᠬᠤᠷᠠᠭᠤᠯᠵᠤ ᠪᠣᠯᠣᠨ᠎ᠠ᠃ ᠳᠡᠭᠡᠷ᠎ᠡ | ᠳᠤᠷᠠᠳᠤᠭᠰᠠᠨ ᠬᠥᠳᠡᠯᠭᠡᠭᠡᠨ ᠠᠴᠠ ᠭᠠᠳᠠᠨ᠎ᠠ᠂ ᠳᠤᠭᠤᠢ ᠤᠨᠤᠬᠤ᠂ ᠶᠤᠭ᠎ᠠ ᠵᠡᠷᠭᠡ ᠨᠢ ᠮᠥᠨ ᠴᠤ ᠡᠪᠦᠯ ᠤᠨ | ᠤᠯᠠᠷᠢᠯ ᠳᠤ ᠲᠣᠬᠢᠷᠠᠬᠤ ᠬᠥᠳᠡᠯᠭᠡᠭᠡᠨ ᠪᠠᠶᠢᠵᠤ ᠪᠡᠶ᠎ᠡ ᠮᠠᠬᠠᠪᠤᠳ ᠢ ᠪᠦᠲᠦᠮᠵᠢᠲᠡᠢ ᠪᠤᠯᠪᠠᠰᠤᠷᠠᠭᠤᠯᠵᠤ ᠴᠢᠳᠠᠨ᠎ᠠ᠃ | ᠳᠤᠷᠠᠳᠤᠭᠤᠰᠢᠲᠠᠢ ᠨᠢ ᠭᠡᠷ ᠤᠨ ᠭᠠᠳᠠᠨᠠᠬᠢ ᠮᠥᠰᠥ ᠴᠠᠰᠤᠨ ᠤ ᠬᠥᠳᠡᠯᠭᠡᠭᠡᠨ᠂ ᠡᠨᠡ ᠬᠦ ᠡᠪᠦᠯ ᠤᠨ ᠤᠯᠠᠷᠢᠯ ᠳᠤ | ᠣᠨᠴᠠ ᠪᠠᠶᠢᠳᠠᠭ ᠬᠥᠳᠡᠯᠭᠡᠭᠡᠨ ᠨᠢ ᠥᠪᠡᠷᠮᠢᠴᠡ ᠬᠠᠪᠤ ᠴᠡᠩᠭᠡᠯ ᠲᠠᠢ ᠪᠠᠶᠢᠵᠤ᠂ ᠠᠮᠤᠷ ᠲᠦᠪᠰᠢᠨ ᠢ ᠪᠠᠲᠤᠯᠠᠭᠰᠠᠨ | ᠪᠠᠶᠢᠳᠠᠯ ᠳᠣᠣᠷ᠎ᠠ ᠪᠠᠶᠠᠷ ᠭᠦᠷ ᠲᠠᠢ ᠤᠷᠤᠯᠴᠠᠵᠤ ᠪᠣᠯᠣᠨ᠎ᠠ᠃ | | | ᠡᠪᠦᠯ ᠤᠨ ᠤᠯᠠᠷᠢᠯ ᠳᠤ ᠠᠭᠠᠷ ᠤᠨ ᠳᠤᠯᠠᠭᠠᠨ ᠨᠡᠯᠢᠶᠡᠳ ᠳᠣᠣᠷ᠎ᠠ᠂ ᠣᠷᠴᠢᠨ ᠲᠣᠭᠤᠷᠢᠨ ᠤ ᠨᠥᠬᠦᠴᠡᠯ | ᠣᠨᠴᠠᠭᠠᠶ ᠤᠴᠢᠷ ᠠᠴᠠ ᠬᠥᠳᠡᠯᠭᠡᠭᠡᠨ ᠬᠢᠬᠦ ᠳᠤ ᠳᠣᠣᠷᠠᠬᠢ ᠬᠡᠳᠦᠨ ᠲᠠᠯ᠎ᠠ ᠶᠢ ᠠᠩᠬᠠᠷᠪᠠᠯ ᠵᠣᠬᠢᠨ᠎ᠠ᠃ ᠳᠠᠷᠤᠢ᠂ | ᠲᠣᠬᠢᠷᠠᠮᠵᠢᠲᠠᠢ ᠲᠠᠮᠢᠷ ᠤᠨ ᠬᠤᠪᠴᠠᠰᠤ ᠪᠠ ᠱᠠᠬᠠᠢ ᠮᠠᠯᠠᠭᠠᠢ ᠰᠣᠩᠭᠤᠵᠤ᠂ ᠬᠥᠳᠡᠯᠭᠡᠭᠡᠨ ᠬᠢᠭᠰᠡᠨ ᠤ ᠳᠠᠷᠠᠭ᠎ᠠ | ᠬᠥᠯᠥᠰᠦ ᠭᠠᠷᠴᠤ ᠬᠢᠮᠤᠷᠠᠬᠤ ᠠᠴᠠ ᠰᠡᠷᠭᠡᠶᠢᠯᠡᠬᠦ ᠴᠢᠬᠤᠯᠠᠲᠠᠢ᠃ ᠬᠥᠳᠡᠯᠭᠡᠭᠡᠨ ᠬᠢᠬᠦ ᠠᠴᠠ ᠡᠮᠦᠨ᠎ᠡ ᠵᠠᠪᠠᠯ ᠭᠦᠢᠴᠡᠳ | ᠪᠡᠯᠡᠳᠬᠡᠯ ᠬᠥᠳᠡᠯᠭᠡᠭᠡᠨ ᠬᠢᠬᠦ ᠬᠡᠷᠡᠭᠲᠡᠢ᠂ ᠵᠢᠱᠢᠶᠡᠯᠡᠪᠡᠯ ᠤᠳᠠᠭᠠᠨ ᠭᠦᠶᠦᠬᠦ᠂ ᠦᠶ᠎ᠡ ᠭᠡᠰᠢᠭᠦᠦ ᠪᠠᠨ ᠰᠤᠩᠭᠠᠬᠤ ᠵᠡᠷᠭᠡ | ᠨᠢ ᠬᠥᠳᠡᠯᠭᠡᠭᠡᠨ ᠬᠢᠬᠦ ᠠᠴᠠ ᠪᠣᠯᠵᠤ ᠭᠡᠮᠲᠦᠬᠦ ᠲᠦᠭᠰᠢᠭᠦᠷᠢ ᠶᠢ ᠪᠠᠭᠠᠰᠬᠠᠵᠤ ᠴᠢᠳᠠᠨ᠎ᠠ᠃ ᠬᠥᠳᠡᠯᠭᠡᠭᠡᠨ ᠤ | ᠬᠡᠮᠵᠢᠶ᠎ᠡ ᠪᠠᠨ ᠲᠣᠬᠢᠷᠠᠭᠤᠯᠵᠤ᠂ ᠬᠡᠲᠦᠷᠬᠡᠢ ᠶᠠᠳᠠᠷᠠᠬᠤ ᠠᠴᠠ ᠰᠡᠷᠭᠡᠶᠢᠯᠡᠬᠦ ᠬᠡᠷᠡᠭᠲᠡᠢ᠂ ᠥᠪᠡᠷ ᠤᠨ ᠪᠡᠶ᠎ᠡ ᠶᠢᠨ ᠪᠠᠶᠢᠳᠠᠯ | ᠪᠠ ᠬᠥᠳᠡᠯᠭᠡᠭᠡᠨ ᠤ ᠴᠢᠳᠠᠪᠤᠷᠢ ᠪᠠᠨ ᠦᠨᠳᠦᠰᠦᠯᠡᠨ ᠲᠣᠬᠢᠷᠠᠮᠵᠢᠲᠠᠢ ᠬᠥᠳᠡᠯᠭᠡᠭᠡᠨ ᠬᠢᠵᠦ᠂ ᠠᠯᠬᠤᠮ | ᠳᠠᠷᠠᠭ᠎ᠠ ᠲᠠᠢ ᠪᠠᠷ ᠬᠥᠳᠡᠯᠭᠡᠭᠡᠨ ᠤ ᠬᠡᠮᠵᠢᠶ᠎ᠡ ᠪᠠᠨ ᠨᠡᠮᠡᠭᠳᠡᠭᠦᠯᠵᠦ᠂ ᠬᠥᠳᠡᠯᠭᠡᠭᠡᠨ ᠬᠡᠲᠦᠷᠡᠭᠰᠡᠨ ᠠᠴᠠ ᠪᠣᠯᠵᠤ ᠪᠡᠶ᠎ᠡ | ᠮᠠᠬᠠᠪᠤᠳ ᠲᠤ ᠳᠠᠷᠤᠭᠠᠰᠤ ᠪᠤᠯᠬᠤ ᠠᠴᠠ ᠵᠠᠶᠢᠯᠠᠰᠬᠢᠨ᠎ᠡ᠃ ᠤᠰᠤ ᠨᠥᠬᠦᠪᠦᠷᠢᠯᠡᠨ᠎ᠡ᠂ ᠬᠡᠳᠦᠶᠢᠪᠡᠷ ᠡᠪᠦᠯ ᠤᠨ | ᠤᠯᠠᠷᠢᠯ ᠳᠤ ᠬᠥᠯᠥᠰᠦ ᠪᠠᠭ᠎ᠠ ᠭᠠᠷᠬᠤ ᠪᠤᠯᠪᠠᠴᠤ᠂ ᠪᠡᠶ᠎ᠡ ᠮᠠᠬᠠᠪᠤᠳ ᠮᠥᠨ ᠯᠡ ᠤᠰᠤ ᠨᠥᠬᠦᠪᠦᠷᠢᠯᠡᠬᠦ ᠴᠢᠬᠤᠯᠠᠲᠠᠢ᠂ | ᠬᠥᠳᠡᠯᠭᠡᠭᠡᠨ ᠬᠢᠬᠦ ᠠᠴᠠ ᠡᠮᠦᠨ᠎ᠡ ᠬᠤᠶᠢᠨ᠎ᠠ ᠵᠣᠬᠢᠬᠤ ᠬᠡᠮᠵᠢᠶᠡᠨ ᠤ ᠪᠦᠯᠢᠶᠡᠨ ᠤᠰᠤ ᠤᠤᠭᠤᠵᠤ ᠪᠡᠶ᠎ᠡ ᠶᠢᠨ | ᠤᠰᠤᠨ ᠤ ᠲᠡᠩᠴᠡᠭᠦᠷᠢ ᠶᠢ ᠪᠠᠲᠤᠯᠠᠪᠠᠯ ᠵᠣᠬᠢᠨ᠎ᠠ᠃ ᠠᠮᠤᠷ ᠲᠦᠪᠰᠢᠨ ᠢ ᠠᠩᠬᠠᠷᠬᠤ ᠴᠢᠬᠤᠯᠠᠲᠠᠢ᠂ ᠡᠪᠦᠯ ᠤᠨ | ᠤᠯᠠᠷᠢᠯ ᠳᠤ ᠵᠠᠮ ᠬᠠᠯᠲᠤᠷᠢᠭ᠎ᠠ ᠲᠠᠢ᠂ ᠣᠨᠴᠠᠭᠠᠶᠢᠯᠠᠨ ᠮᠥᠰᠥ ᠴᠠᠰᠤ ᠲᠠᠢ ᠭᠠᠵᠠᠷ ᠲᠤ ᠬᠥᠳᠡᠯᠭᠡᠭᠡᠨ ᠬᠢᠬᠦ ᠳᠡᠭᠡᠨ | ᠠᠮᠤᠷ ᠲᠦᠪᠰᠢᠨ ᠢ ᠣᠨᠴᠠᠭᠠᠶᠢᠯᠠᠨ ᠠᠩᠬᠠᠷᠬᠤ ᠬᠡᠷᠡᠭᠲᠡᠢ᠃ | | | ᠡᠪᠦᠯ ᠤᠨ ᠤᠯᠠᠷᠢᠯ ᠳᠤ ᠲᠠᠮᠢᠷ ᠤᠨ ᠬᠥᠳᠡᠯᠭᠡᠭᠡᠨ ᠬᠢᠬᠦ ᠨᠢ ᠨᠢᠭᠡ ᠵᠦᠢᠯ ᠤᠨ ᠢᠳᠡᠪᠬᠢᠲᠡᠢ᠂ ᠡᠷᠡᠭᠦᠯ | ᠰᠠᠷᠠᠭᠤᠯ ᠠᠮᠢᠳᠤᠷᠠᠯ ᠤᠨ ᠠᠷᠭ᠎ᠠ ᠭᠡᠯᠪᠡᠷᠢ ᠪᠣᠯᠣᠨ᠎ᠠ᠂ ᠪᠢᠳᠡ ᠥᠪᠡᠷ ᠤᠨ ᠪᠡᠶ᠎ᠡ ᠳᠡᠭᠡᠨ ᠲᠣᠬᠢᠷᠠᠭᠰᠠᠨ ᠬᠥᠳᠡᠯᠭᠡᠭᠡᠨ ᠤ | ᠵᠦᠢᠯ ᠢ ᠰᠣᠩᠭᠤᠬᠤ ᠶᠢᠨ ᠬᠠᠮᠲᠤ ᠬᠥᠳᠡᠯᠭᠡᠭᠡᠨ ᠤ ᠶᠠᠪᠤᠴᠠ ᠳᠠᠬᠢ ᠨᠠᠷᠢᠨ ᠵᠦᠢᠯᠡᠰ ᠢ ᠰᠠᠶᠢᠲᠤᠷ ᠠᠩᠬᠠᠷᠴᠤ᠂ | ᠬᠥᠳᠡᠯᠭᠡᠭᠡᠨ ᠤ ᠬᠠᠪᠤ ᠴᠡᠩᠭᠡᠯ ᠢ ᠡᠳ᠋ᠯᠡᠬᠦ ᠶᠢᠨ ᠵᠡᠷᠭᠡ ᠪᠠᠷ ᠪᠡᠶ᠎ᠡ ᠮᠠᠬᠠᠪᠤᠳ ᠢᠶᠠᠨ ᠴᠢᠭᠢᠷᠠᠭᠵᠢᠭᠤᠯᠤᠶ᠎ᠠ︕ |