ᠰᠠᠶᠢᠬᠠᠨ ᠲᠣᠭᠤᠷᠢᠭ᠄ ᠮᠥᠰᠥ ᠴᠠᠰᠤᠨ ᠤ ᠴᠠᠭᠠᠨ ᠰᠠᠷ᠎ᠠ ᠶᠢᠨ ᠰᠣᠶᠣᠯ ᠤᠨ ᠠᠵᠢᠯᠯᠠᠭ᠎ᠠ ᠶᠢ ᠲᠠᠰᠤᠷᠠᠯᠲᠠ ᠦᠭᠡᠢ ᠢᠯᠡᠷᠡᠭᠦᠯᠪᠠ
ᠨᠡᠶᠢᠲᠡᠯᠡᠭᠰᠡᠨ ᠴᠠᠭ᠄
2025/2/10
       ᠴᠠᠭᠠᠨ ᠰᠠᠷ᠎ᠠ ᠳᠤ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠮᠥᠰᠥ ᠴᠠᠰᠤᠨ ᠤ ᠵᠢᠭᠤᠯᠴᠢᠯᠠᠯ ᠤᠨ ᠵᠠᠬ᠎ᠠ ᠳᠡᠯᠭᠡᠭᠦᠷ ᠬᠥᠮᠥᠨ ᠬᠠᠷ᠎ᠠ ᠬᠥᠭᠵᠢᠵᠦ᠂ ᠮᠥᠰᠥ ᠴᠠᠰᠤᠨ ᠤ ᠴᠠᠭᠠᠨ ᠰᠠᠷ᠎ᠠ ᠶᠢᠨ ᠰᠣᠶᠣᠯ ᠤᠨ ᠠᠵᠢᠯᠯᠠᠭ᠎ᠠ ᠲᠠᠰᠤᠷᠠᠯᠲᠠ ᠦᠭᠡᠢ ᠢᠯᠡᠷᠡᠪᠡ᠃               2 ᠰᠠᠷ᠎ᠠ ᠶᠢᠨ 2 ᠤᠨ ᠡᠳᠦᠷ ︵ᠴᠠᠭᠠᠨ ᠰᠠᠷ᠎ᠠ ᠶᠢᠨ ᠰᠢᠨ᠎ᠡ ᠶᠢᠨ ᠲᠠᠪᠤᠨ︶ ᠦᠳᠡ ᠶᠢᠨ ᠡᠮᠦᠨᠡᠬᠢ 11 ᠴᠠᠭ ᠲᠤ᠂ ᠮᠠ ᠽᠥᠩ ᠱᠠᠨ ᠴᠠᠰᠤᠨ ᠳᠤ ᠭᠤᠯᠭᠤᠬᠤ ᠲᠠᠯᠠᠪᠠᠢ ᠶᠢᠨ ᠭᠡᠷ ᠳᠣᠲᠣᠷ᠎ᠠ ᠴᠠᠰᠤᠨ ᠪᠠᠭᠠᠵᠢ ᠬᠡᠷᠡᠭᠰᠡᠯ ᠬᠤᠷᠠᠨ ᠴᠤᠭᠯᠠᠷᠠᠵᠤ᠂ ᠭᠤᠷᠪᠠ ᠲᠠᠪᠤ ᠪᠠᠷ ᠪᠦᠯᠦᠭ ᠵᠤᠭᠠᠴᠠᠭᠰᠠᠳ ᠡᠮᠬᠢ ᠵᠢᠷᠤᠮ ᠲᠠᠢ ᠪᠠᠷ ᠴᠠᠰᠤᠨ ᠬᠡᠷᠡᠭᠰᠡᠯ ᠢ ᠲᠦᠷᠢᠶᠡᠰᠦᠯᠡᠵᠦ ᠪᠠᠶᠢᠪᠠ᠃ ᠴᠠᠰᠤᠨ ᠳᠤ ᠭᠤᠯᠭᠤᠬᠤ ᠳᠤᠷᠠᠲᠠᠢ ᠬᠥᠮᠥᠰ ᠤᠷᠮ᠎ᠠ ᠵᠣᠷᠢᠭ ᠪᠢᠯᠬᠠᠮ᠎ᠠ᠃
图片3.png
      ︽ᠬᠥᠬᠡᠬᠤᠲᠠ ᠶᠢᠨ ᠮᠥᠰᠥ ᠴᠠᠰᠤᠨ ᠤ ᠲᠠᠯᠠᠪᠠᠢ ᠮᠠᠰᠢ ᠰᠦᠷᠯᠢᠭ᠂ ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ ᠭᠡᠷ ᠤᠨ ᠬᠥᠮᠥᠰ ᠢᠶᠠᠨ ᠲᠤᠰᠭᠠᠶᠢᠯᠠᠨ ᠳᠠᠭᠠᠭᠤᠯᠤᠨ ᠢᠷᠡᠵᠦ᠂ ᠠᠳᠡᠬᠢ ᠶᠢᠨ ᠴᠠᠰᠤᠨ ᠴᠢᠨᠠᠷ ᠲᠣᠩ ᠰᠠᠶᠢᠨ᠂ ᠭᠤᠯᠭᠤᠬᠤ ᠳᠤ ᠲᠣᠩ ᠶᠡᠭᠡ ᠰᠢᠨᠤᠯᠲᠠᠢ ᠪᠠᠢᠨ᠎ᠠ︾  ᠭᠡᠵᠦ ᠭᠠᠳᠠᠨ᠎ᠡ ᠬᠤᠲᠠ ᠠᠴᠠ ᠢᠷᠡᠭᠰᠡᠨ ᠵᠠᠩ ᠠᠪᠤᠭᠠᠢ ᠪᠠᠶᠠᠷᠲᠠᠢ ᠪᠠᠷ ᠬᠡᠯᠡᠨ᠎ᠡ᠃                ᠨᠢᠭᠡ ᠭᠡᠷ ᠢᠶᠠᠷ ᠢᠶᠠᠨ ᠢᠷᠡᠭᠰᠡᠨ ᠵᠢᠭᠤᠯᠴᠢᠯᠠᠭᠴᠢᠳ ᠮᠠᠰᠢ ᠣᠯᠠᠨ᠂ ᠪᠠᠷᠤᠭ ᠬᠠᠭᠠᠰ ᠢ ᠨᠢ ᠡᠵᠡᠯᠡᠵᠦ ᠪᠠᠶᠢᠨ᠎ᠠ ᠭᠡᠵᠦ ᠮᠠ ᠽᠥᠩ ᠱᠠᠨ ᠴᠠᠰᠤᠨ ᠳᠤ ᠭᠤᠯᠭᠤᠬᠤ ᠲᠠᠯᠠᠪᠠᠢ ᠶᠢᠨ ᠨᠡᠷᠡᠲᠦ ᠲᠡᠮᠳᠡᠭᠲᠦ ᠤᠬᠠᠭᠤᠯᠬᠤ ᠬᠡᠯᠲᠡᠰ ᠤᠨ ᠳᠠᠭᠠᠭᠠᠮᠠᠯ ᠶᠠᠩ ᠴᠢᠶᠠᠨ ᠤ ᠲᠠᠨᠢᠯᠴᠠᠭᠤᠯᠤᠭᠰᠠᠨ ᠢᠶᠠᠷ᠂ ︽ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭᠠᠨ ᠳᠤ᠂ ᠴᠠᠰᠤᠨ ᠳᠤ ᠭᠤᠯᠭᠤᠬᠤ ᠲᠠᠯᠠᠪᠠᠢ ᠳᠤ ᠵᠤᠭᠠᠴᠠᠭᠰᠠᠳ ᠢ ᠤᠭᠲᠤᠵᠤ᠂ ᠣᠶᠢᠷ᠎ᠠ ᠶᠢᠨ ᠬᠤᠶᠠᠷ ᠡᠳᠦᠷ ᠳᠤᠮᠳᠠᠴᠢ ᠪᠠᠷ 3000 ᠭᠠᠷᠤᠢ ᠵᠤᠭᠠᠴᠠᠭᠰᠠᠳ ᠢ ᠬᠦᠯᠢᠶᠡᠨ ᠠᠪᠴᠤ ᠪᠠᠶᠢᠨ᠎ᠠ᠃ ᠵᠤᠭᠠᠴᠠᠭᠰᠠᠳ ᠤᠨ ᠵᠤᠭᠠᠴᠠᠨ ᠨᠠᠭᠠᠳᠬᠤ ᠶᠢ ᠣᠶᠢᠯᠠᠭᠠᠬᠤ ᠪᠠ ᠠᠮᠤᠷ ᠲᠦᠪᠰᠢᠨ ᠢ ᠨᠠᠩ ᠰᠠᠶᠢᠲᠤᠷ ᠪᠠᠲᠤᠯᠠᠬᠤ ᠶᠢᠨ ᠲᠥᠯᠥᠭᠡ᠂ ᠪᠢᠳᠡ ᠴᠠᠰᠤᠲᠤ ᠲᠠᠯᠠᠪᠠᠢ ᠳᠤ ᠪᠠᠰᠠ 10 ᠭᠠᠷᠤᠢ ᠠᠵᠢᠯᠲᠠᠨ ᠨᠡᠮᠡᠵᠦ ᠵᠤᠭᠠᠴᠠᠭᠰᠠᠳ ᠤᠨ ᠵᠤᠭᠠᠴᠠᠨ ᠨᠠᠭᠠᠳᠬᠤ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠬᠠᠷᠢᠭᠤᠴᠠᠭᠤᠯᠪᠠ᠃︾              ᠣᠶᠢᠯᠠᠭᠠᠭᠰᠠᠨ ᠢᠶᠠᠷ᠂ ᠡᠨᠡ ᠵᠢᠯ ᠤᠨ ᠴᠠᠰᠤᠨ ᠤ ᠤᠯᠠᠷᠢᠯ ᠳᠤ᠂ ᠮᠠ ᠽᠥᠩ ᠱᠠᠨ ᠴᠠᠰᠤᠨ ᠳᠤ ᠭᠤᠯᠭᠤᠬᠤ ᠲᠠᠯᠠᠪᠠᠢ ︽ᠥᠪᠥᠷ ᠮᠣᠩᠭᠤᠯ· ᠴᠠᠰᠤᠨ ᠪᠥᠵᠢᠭ᠂ ᠮᠣᠷᠢᠨ ᠳᠡᠯ ᠠᠭᠤᠯᠠ︾ ᠪᠠᠷ ᠭᠤᠣᠯ ᠰᠡᠳᠦᠪ ᠪᠣᠯᠭᠠᠭᠰᠠᠨ ᠴᠠᠰᠤᠨ ᠤᠯᠠᠷᠢᠯ ᠤᠨ ᠰᠢᠷᠢᠰ ᠠᠵᠢᠯᠯᠠᠭ᠎ᠠ ᠶᠢ ᠤᠬᠠᠭᠠᠯᠠᠵᠤ᠂ 2 ᠰᠠᠷ᠎ᠠ ᠶᠢᠨ 28 ᠤ ᠡᠳᠦᠷ ᠪᠣᠯᠲᠠᠯ᠎ᠠ ᠦᠷᠭᠦᠯᠵᠢᠯᠡᠭᠦᠯᠵᠦ᠂ 14 ᠵᠤᠷᠪᠤᠰ ᠴᠠᠰᠤᠨ ᠵᠠᠮ ᠢ ᠨᠡᠭᠡᠭᠡᠵᠦ᠂ ᠪᠠᠶᠠᠷ ᠳᠤᠷᠠᠰᠬᠠᠯ ᠤᠨ ᠠᠵᠢᠯᠯᠠᠭ᠎ᠠ᠂ ᠤᠷᠤᠯᠳᠤᠭᠠᠨ ᠤ ᠠᠵᠢᠯᠯᠠᠭ᠎ᠠ᠂ ᠳᠤᠷ᠎ᠠ ᠰᠣᠨᠢᠷᠬᠠᠯ ᠤᠨ ᠠᠵᠢᠯᠯᠠᠭ᠎ᠠ᠂ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠵᠡᠷᠭᠡ ᠳᠥᠷᠪᠡᠨ ᠶᠡᠭᠡ ᠬᠢᠯᠠᠰ ᠴᠡᠭ ᠲᠠᠢ᠂ ᠡᠭᠦᠨ ᠤ ᠬᠠᠮᠲᠤ ᠴᠠᠰᠤᠨ ᠳᠤ ᠭᠤᠯᠭᠤᠬᠤ ᠣᠯᠠᠨ ᠡᠰᠢᠲᠦ ᠦᠢᠯᠡᠴᠢᠯᠡᠭᠡᠨ ᠤ ᠲᠢᠩᠬᠢᠮ ᠪᠠ ᠣᠨᠴᠠᠯᠢᠭᠲᠤ ᠢᠳᠡᠭᠡᠨ ᠤᠮᠳᠠᠭᠠᠨ ᠤ ᠰᠢᠰᠲ᠋ᠧᠮ ᠢ ᠲᠣᠬᠢᠷᠠᠭᠤᠯᠵᠤ᠂ ᠰᠤᠳᠤᠯᠤᠨ ᠰᠤᠷᠤᠯᠴᠠᠬᠤ ᠡᠴᠢᠭᠡ ᠡᠬᠡ ᠦᠷ᠎ᠡ ᠬᠡᠦᠬᠡᠳ ᠤᠨ ᠪᠦᠯᠬᠦᠮ ᠪᠠᠶᠢᠭᠤᠯᠬᠤ ᠵᠡᠷᠭᠡ ᠦᠢᠯᠡᠴᠢᠯᠡᠭᠡ ᠶᠢ ᠬᠠᠩᠭᠠᠬᠤ ᠶᠢᠨ ᠬᠠᠮᠲᠤ ᠮᠠ ᠽᠥᠩ ᠱᠠᠨ ᠤ ᠴᠠᠰᠤᠨ ᠳᠤ ᠭᠤᠯᠭᠤᠬᠤ ᠨᠡᠶᠢᠲᠡ ᠶᠢᠨ ᠵᠠᠮ ᠱᠤᠭᠤᠮ ᠵᠢᠴᠢ ᠰᠥᠨᠢ ᠶᠢᠨ ᠲᠠᠯᠠᠪᠠᠢ ᠶᠢᠨ ᠴᠠᠰᠤᠨ ᠳᠤ ᠭᠤᠯᠭᠤᠬᠤ ᠨᠡᠶᠢᠲᠡ ᠶᠢᠨ ᠮᠠᠰᠢᠨ ᠲᠡᠷᠭᠡᠲᠦ ᠨᠠᠶᠢᠵᠠ ᠨᠠᠷ ᠤᠨ ᠬᠠᠶᠢᠷ᠎ᠠ ᠰᠡᠳᠬᠢᠯᠭᠡ ᠶᠢ ᠵᠤᠵᠠᠭᠠᠳᠬᠠᠬᠤ ᠪᠣᠯᠣᠨ᠎ᠠ᠃             ᠴᠠᠰᠤᠨ ᠳᠤ ᠭᠤᠯᠭᠤᠬᠤ ᠲᠠᠯᠠᠪᠠᠢ ᠠᠴᠠ ᠭᠠᠳᠠᠨ᠎ᠠ᠂ ᠰᠠᠶᠢᠬᠠᠨ ᠲᠣᠭᠤᠷᠢᠭ ᠤᠨ ᠮᠥᠰᠥ ᠴᠠᠰᠤᠨ ᠤ ᠨᠠᠶᠢᠷ ᠤᠨ ᠠᠵᠢᠯᠯᠠᠭ᠎ᠠ ᠪᠣᠯ ᠵᠤᠭᠠᠴᠠᠭᠰᠠᠳ ᠢ ᠲᠠᠲᠠᠬᠤ ᠶᠢᠨ ᠨᠢᠭᠡᠨ ᠭᠢᠯᠠᠰ ᠴᠡᠭ᠃ ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠴᠡᠩᠭᠡᠯ ᠤᠨ ᠬᠦᠷᠢᠶᠡᠯᠡᠩ ᠳᠤ ᠣᠷᠣᠬᠤ ᠳᠤ᠂ ᠡᠯ᠎ᠡ ᠵᠦᠢᠯ ᠤᠨ ᠳᠦᠷᠰᠦ ᠪᠦᠲᠦᠭᠡᠯᠲᠡ ᠶᠢᠨ ᠮᠥᠰᠥ ᠴᠠᠰᠤᠨ ᠤ ᠦᠵᠡᠮᠵᠢ᠂ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠪᠠ᠃ ᠬᠦᠷᠢᠶᠡᠯᠡᠩ ᠲᠣᠭᠤᠷᠢᠭ ᠲᠤ ᠲᠤᠰᠬᠠᠢ ᠮᠡᠷᠭᠡᠵᠢᠯ ᠤᠨ ᠤᠷᠠᠨ ᠲᠠᠷᠬᠠᠨ ᠠᠴᠠ ᠨᠠᠷᠢᠨ ᠨᠢᠮᠪᠠᠢ ᠪᠠᠶᠢᠭᠤᠯᠤᠭᠰᠠᠨ ︽ᠣᠷᠳᠣ ᠴᠠᠭᠠᠨ ᠬᠡᠷᠡᠮ︾᠂ ︽ᠲᠥᠭᠡᠷᠢᠭᠳᠡᠯᠳᠦ ᠣᠷᠳᠣᠨ︾᠂ ︽ᠲᠠᠪᠤᠨ ᠰᠤᠪᠤᠷᠭ᠎ᠠ︾ ᠵᠡᠷᠭᠡ ᠮᠥᠰᠥᠨ ᠱᠤᠭᠤᠮᠠᠯ ᠭᠢᠯᠠᠯᠵᠠᠮ᠎ᠠ ᠥᠩᠭᠡ ᠢᠯᠭᠠᠷᠠᠵᠤ᠂ ᠬᠡᠷᠡᠯ ᠭᠢᠯᠪᠠᠭ᠎ᠠ ᠰᠠᠴᠤᠷᠠᠵᠤ᠂ ᠵᠤᠭᠠᠴᠠᠭᠰᠠᠳ ᠤᠨ ᠠᠩᠬᠠᠷᠤᠯ ᠢ ᠲᠠᠲᠠᠵᠤ ᠬᠡᠷᠡᠯ ᠵᠢᠷᠤᠭ ᠲᠠᠲᠠᠭᠤᠯᠵᠤ ᠪᠠᠶᠢᠯ᠎ᠠ᠃ ᠴᠠᠰᠤ ᠣᠪᠣᠭᠠᠯᠠᠵᠤ ᠪᠠᠢᠭ᠎ᠠ ᠴᠠᠰᠤᠲᠤ ᠠᠭᠤᠯᠠ ᠨᠢ ᠬᠡᠦᠬᠡᠳ ᠤᠨ ᠭᠤᠯᠭᠤᠯᠲᠠ ᠶᠢᠨ ᠱᠠᠲᠤ ᠪᠣᠯᠵᠠᠢ᠃ ᠬᠤᠨᠢᠨ ᠲᠡᠮᠡᠭᠡᠨ ᠤ ᠴᠡᠩᠭᠡᠯ ᠤᠨ ᠬᠦᠷᠢᠶᠡᠯᠡᠩ ᠳᠤ᠂ ᠬᠥᠭᠡᠷᠦᠬᠦᠨ ᠬᠤᠨᠢᠨ ᠲᠡᠮᠡᠭᠡ ᠵᠢᠭᠤᠯᠴᠢᠯᠠᠭᠴᠢᠳ ᠤᠨ ᠪᠠᠭ᠋ᠠᠷᠬᠠᠯ ᠢ ᠣᠯᠵᠤ᠂  ᠢᠳᠡᠰᠢᠨ ᠨᠣᠭᠤᠭ᠎ᠠ ᠬᠤᠳᠠᠯᠳᠤᠨ ᠠᠪᠴᠤ ᠥᠭᠪᠡ᠃ ᠴᠠᠰᠤᠨ ᠴᠠᠭᠠᠷᠢᠭ ᠤᠨ ᠴᠠᠰᠤᠨ ᠳᠤ ᠭᠤᠯᠭᠤᠬᠤ᠂ ᠴᠠᠰᠤᠨ ᠳᠡᠭᠡᠷᠡᠬᠢ ᠲᠠᠩᠺ ᠵᠡᠷᠭᠡ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠲᠦᠷᠦᠯ ᠵᠦᠢᠯ ᠨᠢ ᠬᠥᠮᠥᠰ ᠲᠤ ᠮᠥᠰᠥ ᠴᠠᠰᠤᠨ ᠤ ᠠᠪᠴᠢᠷᠠᠭᠰᠠᠨ ᠪᠠᠶᠠᠷ ᠪᠠᠶᠠᠰᠤᠯ ᠢ ᠡᠳ᠋ᠯᠡᠭᠦᠯᠪᠡ᠃                      ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号