| | ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠢᠩᠬᠢᠮ ᠠᠴᠠ ᠣᠶᠢᠯᠠᠭᠠᠭᠰᠠᠨ ᠢᠶᠠᠷ᠂ 2025 ᠣᠨ ᠤ ︽ᠤᠷᠢᠬᠠᠨ ᠰᠠᠯᠬᠢ ᠠᠵᠢᠯᠯᠠᠭ᠎ᠠ - ᠤᠷᠢᠬᠠᠨ ᠬᠠᠪᠤᠷ | ᠬᠥᠯᠥᠰᠦᠨ ᠮᠠᠯᠴᠢᠨ ᠲᠠᠷᠢᠶᠠᠴᠢᠨ ᠢ ᠳᠤᠯᠠᠭᠠᠴᠠᠭᠤᠯᠬᠤ᠂ ᠠᠵᠢᠯ ᠣᠯᠭᠤᠯᠲᠠ ᠶᠢᠨ ᠲᠤᠰᠠᠯᠠᠮᠵᠢ ᠦᠵᠡᠭᠦᠯᠭᠦ︾ ᠠᠵᠢᠯ | ᠣᠯᠭᠤᠯᠲᠠ ᠶᠢ ᠠᠬᠢᠭᠤᠯᠬᠤ ᠠᠵᠢᠯᠯᠠᠭ᠎ᠠ ᠲᠦᠷᠦᠭᠦᠬᠡᠨ ᠭᠦᠭᠡᠬᠤᠲᠠ ᠳᠤ ᠶᠠᠪᠤᠭᠳᠠᠵᠤ᠂ 80 ᠭᠠᠷᠤᠢ ᠠᠵᠤ | ᠠᠬᠤᠶᠢᠯᠠᠯ 4800 ᠭᠠᠷᠤᠢ ᠠᠵᠢᠯ ᠤᠨ ᠪᠠᠶᠢᠷᠢ ᠬᠠᠩᠭᠠᠵᠠᠢ᠃︽ᠤᠷᠢᠬᠠᠨ ᠰᠠᠯᠬᠢ ᠠᠵᠢᠯᠯᠠᠭ᠎ᠠ︾ ᠶᠢ 1 ᠰᠠᠷ᠎ᠠ ᠶᠢᠨ | 15 ᠤ ᠡᠳᠦᠷ ᠠᠴᠠ ᠡᠬᠢᠯᠡᠨ ᠪᠦᠭᠦ ᠣᠷᠣᠨ ᠤ ᠡᠯ᠎ᠡ ᠭᠠᠵᠠᠷ ᠲᠤ ᠵᠠᠯᠭᠠᠭ᠎ᠠ ᠪᠠᠷ ᠥᠷᠨᠢᠭᠦᠯᠵᠦ᠂ ᠤᠷᠢᠳ ᠬᠤᠵᠢᠳ | 2 ᠲᠦᠮᠡ ᠭᠠᠷᠤᠢ ᠠᠵᠤ ᠠᠬᠤᠶᠢᠯᠠᠯ ᠤᠷᠤᠯᠴᠠᠵᠦ᠂ 10 ᠲᠦᠮᠡ ᠭᠠᠷᠤᠢ ᠠᠵᠢᠯ ᠤᠨ ᠪᠠᠶᠢᠷᠢ ᠬᠠᠩᠭᠠᠪᠠ᠃ | | | ᠲᠣᠰ ᠤᠳᠠᠭᠠᠨ ᠤ ᠠᠵᠢᠯᠯᠠᠭ᠎ᠠ ᠨᠢ ︽ᠤᠷᠢᠬᠠᠨ ᠰᠠᠯᠬᠢ ᠠᠵᠢᠯ ᠤᠨ ᠪᠠᠶᠢᠷᠢ ᠬᠦᠷᠭᠡᠵᠦ᠂ ᠨᠠᠷᠢᠯᠢᠭ | ᠣᠨᠣᠴᠠᠲᠠᠢ ᠦᠢᠯᠡᠴᠢᠯᠡᠭᠡ ᠪᠠᠷ ᠠᠷᠠᠳ ᠤᠨ ᠰᠡᠳᠬᠢᠯ ᠢ ᠳᠤᠯᠠᠭᠠᠴᠠᠭᠤᠯᠬᠤ︾ ᠪᠠᠷ ᠭᠤᠣᠯ ᠰᠡᠳᠦᠪ ᠪᠤᠯᠭᠠᠵᠤ᠂ | ᠲᠤᠬᠠᠢ ᠶᠢᠨ ᠲᠠᠯᠠᠪᠠᠢ ᠶᠢᠨ ᠤᠷᠢᠨ ᠡᠯᠰᠡᠬᠦ ᠪᠠ ᠰᠦᠯᠵᠢᠶᠡᠨ ᠳᠡᠭᠡᠷᠡᠬᠢ ᠰᠢᠭᠤᠳ ᠨᠡᠪᠲᠡᠷᠡᠭᠦᠯᠭᠡ ᠬᠤᠶᠠᠷ ᠵᠦᠢᠯ ᠤᠨ | ᠭᠡᠯᠪᠡᠷᠢ ᠪᠠᠷ ᠶᠠᠪᠤᠭᠳᠠᠭᠤᠯᠵᠠᠢ᠃ ᠡᠯ᠎ᠡ ᠭᠠᠵᠠᠷ ᠤᠨ ᠬᠢᠨ ᠲᠤᠬᠠᠢ ᠶᠢᠨ ᠲᠠᠯᠠᠪᠠᠢ ᠶᠢᠨ ᠠᠵᠢᠯᠯᠠᠭ᠎ᠠ ᠳᠤ᠂ ᠬᠥᠮᠥᠨ ᠤ | ᠬᠦᠴᠦᠨ ᠤ ᠡᠬᠢ ᠪᠠᠶᠠᠯᠢᠭ ᠤᠨ ᠨᠡᠭᠡᠭᠡᠯᠲᠡ᠂ ᠠᠵᠢᠯ ᠣᠯᠭᠤᠯᠲᠠ ᠶᠢᠨ ᠲᠤᠰᠠᠯᠠᠮᠵᠢ᠂ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠯ᠂ ᠦᠢᠯᠡᠰ ᠪᠣᠰᠬᠠᠬᠤ ᠵᠢᠯᠣᠭᠤᠳᠤᠯᠭ᠎ᠠ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ | ᠲᠤᠰᠬᠠᠢ ᠲᠣᠭᠤᠷᠢᠭ ᠵᠢᠴᠢ ᠲᠥᠷᠥ ᠶᠢᠨ ᠪᠣᠳᠣᠯᠭ᠎ᠠ ᠶᠢᠨ ᠵᠥᠪᠯᠡᠯᠭᠡ ᠥᠭᠬᠦ ᠲᠠᠪᠴᠠᠩ ᠭᠠᠷᠭᠠᠵᠤ᠂ ᠠᠵᠢᠯ ᠣᠯᠵᠤ | ᠦᠢᠯᠡᠰ ᠪᠣᠰᠬᠠᠬᠤ ᠶᠢ ᠲᠡᠳᠬᠦᠨ ᠳᠡᠮᠵᠢᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠵᠡᠢ᠃ | ᠪᠠᠰᠠ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠪᠠ ᠤᠷ᠎ᠠ ᠮᠡᠷᠭᠡᠵᠢᠯ ᠤᠨ | ᠪᠣᠯᠪᠠᠰᠤᠷᠠᠯ ᠤᠨ ᠰᠤᠷᠭᠠᠭᠤᠯᠢ ᠠᠴᠠ ᠵᠠᠭᠤᠴᠢ ᠪᠠ ᠪᠣᠯᠪᠠᠰᠤᠷᠠᠯ ᠤᠨ ᠦᠢᠯᠡᠴᠢᠯᠡᠭᠡ ᠬᠠᠩᠭᠠᠪᠠ᠃ | | | ᠳᠠᠷᠠᠭᠠᠴᠢ ᠪᠠᠷ᠂ ᠪᠦᠭᠦ ᠣᠷᠣᠨ ᠤ ᠡᠯ᠎ᠡ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠵᠢᠯ ᠣᠯᠭᠤᠯᠲᠠ ᠶᠢ ᠠᠬᠢᠭᠤᠯᠬᠤ ᠰᠢᠷᠢᠰ ᠠᠵᠢᠯᠯᠠᠭ᠎ᠠ ᠶᠢ | ᠦᠷᠭᠦᠯᠵᠢᠯᠡᠨ ᠥᠷᠨᠢᠭᠦᠯᠵᠦ᠂ ᠠᠵᠤ ᠠᠬᠤᠶᠢᠯᠠᠯ ᠳᠤ ᠭᠦᠨᠵᠡᠭᠡᠶᠢᠷᠡᠨ ᠬᠡᠷᠡᠭᠴᠡᠭᠡ ᠱᠠᠭᠠᠷᠳᠠᠯᠭ᠎ᠠ ᠶᠢ ᠨᠢ ᠣᠶᠢᠯᠠᠭᠠᠵᠤ᠂ | ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠡᠬᠢᠯᠡᠭᠦᠯᠬᠦ ᠲᠥᠯᠥᠪᠯᠡᠭᠡ ᠪᠠ ᠠᠵᠢᠯᠴᠢᠨ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠣᠶᠢᠯᠠᠭᠠᠨ ᠡᠵᠡᠮᠰᠢᠬᠦ ᠶᠢᠨ ᠬᠠᠮᠲᠤ ᠮᠠᠯᠵᠢᠬᠤ ᠲᠠᠷᠢᠶᠠᠯᠠᠬᠤ ᠣᠷᠣᠨ᠂ ᠨᠡᠶᠢᠭᠡᠮ ᠲᠣᠭᠤᠷᠢᠭ ᠲᠤ | ᠭᠦᠨᠵᠡᠭᠡᠶᠢᠷᠡᠨ᠂ ᠭᠦᠲᠠᠯᠮᠤᠷᠢ ᠬᠦᠴᠦᠨ ᠤ ᠠᠵᠢᠯ ᠣᠯᠬᠤ ᠬᠡᠷᠡᠭᠴᠡᠭᠡ ᠱᠠᠭᠠᠷᠳᠠᠯᠭ᠎ᠠ ᠶᠢ ᠣᠶᠢᠯᠠᠭᠠᠵᠤ᠂ ᠡᠯ᠎ᠡ | ᠲᠥᠷᠥᠯ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠠᠵᠢᠯ ᠤᠨ | ᠪᠠᠶᠢᠷᠢ ᠶᠢ ᠣᠯᠠᠨ ᠲᠦᠮᠡᠨ ᠤ ᠳᠡᠷᠭᠡᠳᠡ ᠬᠦᠷᠭᠡᠨ᠎ᠡ᠃ ᠡᠯ᠎ᠡ ᠲᠥᠷᠥᠯ ᠤᠨ ᠰᠦᠯᠵᠢᠶᠡᠨ ᠳᠡᠭᠡᠷᠡᠬᠢ ᠪᠠ ᠪᠣᠳᠠᠲᠤ | ᠴᠣᠭᠴᠠ ᠶᠢᠨ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡᠨ ᠤ ᠲᠠᠪᠴᠠᠩ ᠢ ᠦᠷᠭᠦᠯᠵᠢᠯᠡᠨ ᠰᠠᠶᠢᠲᠤᠷ | ᠬᠡᠷᠡᠭᠯᠡᠵᠦ᠂ ᠬᠤᠯᠪᠤᠭᠠᠯᠠᠨ ᠤᠷᠢᠬᠤ᠂ ᠲᠤᠰᠬᠠᠢ ᠲᠠᠯᠠᠪᠠᠶ ᠪᠠᠷ ᠤᠷᠢᠬᠤ ᠵᠡᠷᠭᠡ ᠠᠵᠢᠯᠯᠠᠭ᠎ᠠ ᠥᠷᠨᠢᠭᠦᠯᠵᠦ᠂ ᠠᠷᠰᠠᠷ | ᠠᠵᠢᠯ ᠤᠨ ᠵᠠᠬ᠎ᠠ ᠳᠡᠯᠭᠡᠭᠦᠷ᠂ ᠠᠷᠰᠠᠷ ᠠᠵᠢᠯ ᠤᠨ ᠥᠷᠲᠡᠭᠡ ᠳᠤ ᠲᠦᠰᠢᠭᠯᠡᠨ ᠠᠮᠢᠳᠤᠯᠢᠭ ᠢᠶᠠᠷ ᠠᠵᠢᠯ | ᠣᠯᠣᠭᠰᠠᠳ ᠲᠤ ᠠᠵᠢᠯ ᠡᠷᠢᠬᠦ ᠶᠢ ᠵᠣᠯᠭᠠᠭᠤᠯᠬᠤ ᠠᠵᠢᠯᠯᠠᠭ᠎ᠠ ᠥᠷᠨᠢᠭᠦᠯᠵᠦ᠂ ᠠᠵᠢᠯ ᠣᠯᠭᠤᠬᠤ ᠵᠢᠯᠣᠭᠤᠳᠤᠯᠭ᠎ᠠ᠂ | ᠪᠣᠯᠪᠠᠰᠤᠷᠠᠯ ᠤᠨ ᠮᠡᠳᠡᠭᠡ ᠵᠠᠩᠭᠢ ᠵᠡᠷᠭᠡ ᠦᠢᠯᠡᠴᠢᠯᠡᠭᠡ ᠬᠠᠩᠭᠠᠵᠤ᠂ ᠲᠤᠰ ᠰᠢᠷᠢᠰ ᠠᠵᠢᠯᠯᠠᠭ᠎ᠠ ᠶᠢ 3 ᠰᠠᠷ᠎ᠠ ᠶᠢᠨ | ᠰᠡᠭᠦᠯᠴᠢ ᠪᠤᠯᠲᠠᠯ᠎ᠠ ᠦᠷᠭᠦᠯᠵᠢᠯᠡᠭᠦᠯᠬᠦ ᠪᠣᠯᠣᠨ᠎ᠠ᠃ |