ᠱᠦᠨ ᠹᠧᠩ ᠲᠦᠷᠭᠡᠨ ᠬᠦᠷᠭᠡᠯᠲᠡ ᠡᠷᠡᠯᠬᠡᠭᠯᠡᠨ ᠲᠡᠮᠡᠴᠡᠵᠦ ᠭᠠᠯ ᠠᠪᠣᠷᠠᠭᠰᠠᠨ
ᠨᠡᠶᠢᠲᠡᠯᠡᠭᠰᠡᠨ ᠴᠠᠭ᠄
2025/2/11
       2 ᠰᠠᠷ᠎ᠠ ᠶᠢᠨ 8 ᠤ ᠡᠳᠦᠷ᠂ ᠬᠥᠬᠡᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠬᠥᠬᠡᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠰᠠᠶᠢᠬᠠᠨ ᠲᠣᠭᠤᠷᠢᠭ ᠤᠨ ᠭᠠᠯ ᠤᠨᠲᠠᠷᠠᠭᠠᠬᠤ ᠶᠡᠭᠡ ᠠᠩᠭᠢ ᠬᠥᠬᠡᠬᠤᠲᠠ ᠶᠢᠨ ᠱᠦᠨ ᠹᠧᠩ ᠺᠣᠮᠫᠠᠨᠢ ᠶᠢᠨ ᠸᠠᠨ ᠳ᠋ᠠ ᠲᠤᠬᠠᠶᠢᠯᠠᠭᠰᠠᠨ ᠠᠵᠢᠯ ᠤᠨ ᠬᠡᠯᠲᠡᠰ ᠲᠤ ᠬᠦᠷᠴᠦ᠂ 7 ᠭᠠᠯ ᠤᠨᠲᠠᠷᠠᠭᠠᠬᠤ ᠲᠦᠷᠭᠡᠨ ᠬᠦᠷᠭᠡᠯᠲᠡ ᠶᠢᠨ ᠠᠬ᠎ᠠ ᠶᠢ ᠲᠣᠬᠤᠨᠢᠭᠤᠯᠵᠤ᠂ ᠲᠣᠬᠤᠨᠢᠭᠤᠯᠬᠤ ᠮᠥᠩᠭᠦ ᠪᠠ ᠲᠣᠬᠤᠨᠢᠭᠤᠯᠬᠤ ᠪᠣᠳᠠᠰ ᠬᠦᠷᠭᠡᠵᠦ᠂ ᠲᠦᠷᠭᠡᠨ ᠬᠦᠷᠭᠡᠯᠲᠡ ᠶᠢᠨ ᠠᠬ᠎ᠠ ᠪᠠᠭᠠᠲᠤᠷᠯᠢᠭ ᠢᠶᠠᠷ ᠭᠠᠯ ᠤᠨᠲᠠᠷᠠᠭᠠᠬᠤ ᠵᠢᠷᠤᠮᠵᠢᠭᠤᠨ ᠠᠵᠢᠯᠯᠠᠭ᠎ᠠ ᠶᠢ ᠳᠡᠭᠡᠳᠦ ᠬᠡᠮᠵᠢᠶ᠎ᠡ ᠪᠠᠷ ᠮᠠᠭᠲᠠᠨ ᠰᠠᠶᠢᠰᠢᠶᠠᠪᠠ᠃           ᠠᠵᠢᠯᠯᠠᠭ᠎ᠠ ᠶᠢᠨ ᠳᠤᠮᠳᠠ᠂ ᠬᠤᠲᠠ ᠶᠢᠨ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠠᠴᠠ ᠱᠦᠨ ᠹᠧᠩ ᠲᠦᠷᠭᠡᠨ ᠬᠦᠷᠭᠡᠯᠲᠡ ᠶᠢᠨ ᠭᠠᠯ ᠤᠨᠲᠠᠷᠠᠭᠠᠬᠤ 7 ᠬᠥᠮᠥᠨ ᠤ ᠬᠠᠮᠲᠤ ᠶᠢᠨ ᠴᠣᠯᠠ ᠣᠯᠭᠤᠪᠠ︔ ᠬᠤᠲᠠ ᠶᠢᠨ ᠨᠠᠮ ᠤᠨ ᠬᠤᠷᠢᠶᠠᠨ ᠤ ᠨᠡᠶᠢᠭᠡᠮ ᠤᠨ ᠠᠵᠢᠯ ᠤᠨ ᠬᠡᠯᠲᠡᠰ᠂ ᠬᠤᠶᠠᠷ ᠰᠢᠨ᠎ᠡ ᠠᠵᠢᠯ ᠤᠨ ᠵᠥᠪᠯᠡᠯ ᠠᠴᠠ ᠱᠦᠨ ᠹᠧᠩ ᠲᠦᠷᠭᠡᠨ ᠬᠦᠷᠭᠡᠯᠲᠡ ᠶᠢᠨ ᠭᠠᠯ ᠤᠨᠲᠠᠷᠠᠭᠠᠬᠤ 7 ᠬᠥᠮᠥᠨ ᠳᠤ ᠴᠣᠯᠠ ᠣᠯᠭᠤᠵᠤ᠂ ᠰᠠᠶᠢᠬᠠᠨ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠠᠴᠠ ᠱᠦᠨ ᠹᠧᠩ ᠲᠦᠷᠭᠡᠨ ᠬᠦᠷᠭᠡᠯᠲᠡ ᠶᠢᠨ ᠭᠠᠯ ᠤᠨᠲᠠᠷᠠᠭᠠᠭᠴᠢ 7 ᠬᠥᠮᠥᠨ ᠳᠤ ︽ᠭᠠᠯ ᠤᠨᠲᠠᠷᠠᠭᠠᠬᠤ ᠨᠡᠶᠢᠲᠡ ᠶᠢᠨ ᠠᠰᠠᠷᠠᠮᠵᠢ ᠶᠢᠨ ᠡᠯᠴᠢ︾ ᠶᠢᠨ ᠴᠣᠯᠠ ᠣᠯᠭᠤᠪᠠ᠃
图片1.png
     ᠣᠶᠢᠯᠠᠭᠠᠭᠰᠠᠨ ᠢᠶᠠᠷ᠂ 2 ᠰᠠᠷ᠎ᠠ ᠶᠢᠨ 7 ᠤ ᠡᠳᠦᠷ ᠤᠨ ᠥᠷᠯᠥᠭᠡ᠂ ᠬᠥᠬᠡᠬᠤᠲᠠ ᠶᠢᠨ ᠰᠠᠶᠢᠬᠠᠨ ᠲᠣᠭᠤᠷᠢᠭ ᠤᠨ ᠨᠢᠭᠡᠨ ᠲᠡᠷᠭᠡ ᠤᠬᠢᠶᠠᠬᠤ ᠭᠡᠷ ᠭᠡᠨᠡᠳᠲᠡ ᠲᠦᠢᠮᠡᠷ ᠭᠠᠷᠴᠤ᠂ ᠥᠪᠥᠷ ᠮᠣᠩᠭᠤᠯ ᠤᠨ ᠱᠦᠨ ᠹᠧᠩ ᠬᠥᠬᠡᠬᠤᠲᠠ ᠶᠢᠨ ᠬᠤᠷᠢᠨ ᠨᠢᠭᠡᠳᠦᠭᠡᠷ ᠡᠵᠡᠩᠨᠡᠯᠲᠡ ᠶᠢᠨ ᠬᠡᠯᠲᠡᠰ ᠤᠨ ᠬᠠᠷᠢᠭᠤᠴᠠᠯᠭᠠᠲᠠᠨ ᠮᠥᠷᠡᠨ ᠭᠠᠯ ᠤᠨ ᠪᠠᠶᠢᠳᠠᠯ ᠢ ᠢᠯᠡᠷᠡᠭᠦᠯᠵᠦ᠂ 119 ᠭᠠᠯ ᠤᠨᠲᠠᠷᠠᠭᠠᠬᠤ ᠤᠲᠠᠰᠤᠨ ᠳᠤ ᠲᠦᠭᠰᠢᠭᠦᠷᠢ ᠮᠡᠳᠡᠭᠦᠯᠵᠦ᠂  ᠵᠠᠩ ᠰᠢᠶᠣᠣ ᠢᠦᠢ᠂ ᠪᠦᠦ ᠸᠧᠢ᠂ ᠯᠢ ᠶᠠ ᠵᠢᠶᠧ᠂ ᠵᠠᠩ ᠮᠢᠩ ᠮᠢᠩ᠂ ᠯᠢ ᠱᠣᠤ ᠫᠧᠩ᠂ ᠳ᠋ᠦᠩ ᠪᠦᠦ ᠯᠢᠨ  ᠪᠠᠨ ᠳᠠᠭᠠᠭᠤᠯᠤᠨ ᠲᠣᠣᠷ ᠴᠡᠭ ᠤᠨ ᠭᠠᠯ ᠤᠨᠲᠠᠷᠠᠭᠠᠭᠤᠷ ᠢ ᠠᠪᠴᠤ᠂ ᠭᠠᠯ ᠤᠨᠲᠠᠷᠠᠭᠠᠪᠠ᠃ ᠭᠠᠯ ᠤᠨᠲᠠᠷᠠᠭᠠᠭᠴᠢ ᠴᠠᠭ ᠲᠤᠬᠠᠢ ᠳᠤᠨᠢ ᠬᠦᠷᠴᠦ᠂ ᠭᠠᠯ ᠢ ᠤᠨᠲᠠᠷᠠᠭᠠᠵᠤ᠂ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠃
图片2.png
      ᠡᠨᠡ 7 ᠲᠦᠷᠭᠡᠨ ᠬᠦᠷᠭᠡᠯᠲᠡ ᠶᠢᠨ ᠠᠬ᠎ᠠ ᠪᠣᠯ ᠬᠥᠬᠡᠬᠤᠲᠠ ᠶᠢᠨ ᠱᠦᠨ ᠹᠧᠩ ᠺᠣᠮᠫᠠᠨᠢ ᠶᠢᠨ ᠡᠭᠡᠯ ᠵᠢᠷ ᠤᠨ ᠭᠡᠰᠢᠭᠦᠨ᠂ ᠲᠡᠳᠡ ᠠᠶᠤᠯ ᠲᠦᠭᠰᠢᠭᠦᠷᠢ ᠲᠠᠢ ᠦᠶ᠎ᠡ ᠳᠤ ᠶᠡᠷᠦ ᠪᠤᠰᠤ ᠶᠢᠨ ᠰᠥᠰᠥ ᠵᠣᠷᠢᠭ ᠪᠠ ᠡᠭᠦᠷᠭᠡᠯᠡᠯ ᠢᠶᠠᠨ ᠴᠠᠭ ᠢᠮᠠᠭᠲᠠ ᠢᠯᠡᠷᠡᠭᠦᠯᠦᠭᠰᠡᠨ ᠪᠠᠶᠢᠨ᠎ᠠ᠃  ᠲᠡᠳᠡᠨ ᠤ ᠵᠢᠷᠤᠮ ᠦᠢᠯᠡ ᠠᠵᠢᠯᠯᠠᠭ᠎ᠠ ᠵᠢᠴᠢ ᠴᠢᠷᠮᠠᠶᠢᠯᠭ᠎ᠠ ᠨᠢᠭᠡᠪᠦᠷᠢ ᠶᠢ ᠴᠥᠮ ᠨᠡᠶᠢᠭᠡᠮ ᠳᠤ ᠠᠩᠬᠠᠷᠤᠯ ᠲᠠᠯᠪᠢᠵᠤ᠂ ᠮᠠᠭᠲᠠᠨ ᠰᠠᠶᠢᠰᠢᠶᠠᠪᠠ᠃           ᠢᠨᠲ᠋ᠧᠷ ᠰᠦᠯᠵᠢᠶᠡᠨ ᠤ ᠠᠵᠤ ᠠᠬᠤᠢ ᠶᠢᠨ ᠬᠥᠭᠵᠢᠯᠲᠡ ᠶᠢ ᠳᠠᠭᠠᠯᠳᠤᠨ᠂ ᠲᠦᠷᠭᠡᠨ ᠬᠦᠷᠭᠡᠯᠲᠡ ᠶᠢᠨ ᠠᠬ᠎ᠠ ᠵᠡᠷᠭᠡ ᠰᠢᠨ᠎ᠡ ᠪᠠᠷ ᠠᠵᠢᠯ ᠣᠯᠣᠭᠰᠠᠨ ᠬᠥᠮᠥᠰ ᠡᠳᠦᠷ ᠢᠷᠡᠬᠦᠶ᠎ᠡ ᠪᠤᠵᠠᠭᠠᠶᠢᠷᠠᠵᠤ᠂ ᠲᠡᠳᠡ ᠬᠤᠳᠠ ᠶᠢᠨ ᠵᠡᠭᠡᠯᠢ ᠭᠤᠳᠤᠮᠵᠢ ᠪᠠᠷ ᠰᠦᠯᠵᠢᠯᠳᠦᠵᠦ᠂ ᠲᠤᠬᠠᠶᠢᠯᠠᠭᠰᠠᠨ ᠠᠵᠢᠯ ᠢᠶᠠᠨ ᠰᠠᠶᠢᠲᠤᠷ ᠬᠢᠬᠦ ᠶᠢᠨ ᠬᠠᠮᠲᠤ ᠭᠠᠯ ᠤᠨᠲᠠᠷᠠᠭᠠᠬᠤ ᠠᠮᠤᠷ ᠲᠦᠪᠰᠢᠨ᠂ ᠨᠡᠶᠢᠭᠡᠮ ᠤᠨ ᠵᠠᠰᠠᠯᠲᠠ ᠶᠢᠨ ᠳᠤᠮᠳᠠ ᠦᠷᠭᠦᠯᠵᠢ ᠴᠡᠭᠡᠵᠢ ᠲᠦᠷᠢᠨ ᠭᠠᠷᠴᠤ᠂ ᠬᠤᠳᠠ ᠳᠤ ᠬᠠᠯᠠᠭᠤᠨ ᠳᠤᠯᠠᠭᠠᠨ ᠪᠠ ᠢᠳᠡᠪᠬᠢ ᠬᠦᠴᠦᠨ ᠠᠪᠴᠢᠷᠠᠵᠤ ᠥᠭᠴᠡᠢ᠃ ᠰᠠᠶᠢᠬᠠᠨ ᠲᠣᠭᠤᠷᠢᠭ ᠦᠷᠭᠦᠯᠵᠢᠯᠡᠨ ᠨᠠᠮ ᠪᠠ ᠣᠯᠠᠨ ᠲᠦᠮᠡᠨ ᠤ ᠠᠵᠢᠯᠯᠠᠭᠠᠨ ᠤ ᠲᠥᠪ ᠵᠡᠷᠭᠡ ᠵᠢᠭᠰᠠᠭᠠᠯ ᠤᠨ ᠭᠠᠵᠠᠷ ᠲᠤ ᠲᠦᠰᠢᠭᠯᠡᠨ᠂ ᠥᠷᠭᠡᠨ ᠣᠯᠠᠨ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠲᠤ ᠰᠡᠳᠬᠢᠯ ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ᠂ ᠥᠷᠭᠡᠨ ᠣᠯᠠᠨ ᠰᠢᠨ᠎ᠡ ᠠᠵᠢᠯ ᠣᠯᠭᠤᠯᠲᠠ ᠶᠢᠨ ᠬᠠᠮᠲᠤᠯᠢᠭ ᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠠᠯᠠᠮᠵᠢᠯᠠᠯ ᠢ ᠮᠡᠳᠡᠷᠡᠭᠦᠯᠵᠦ᠂ ᠰᠢᠨ᠎ᠡ ᠠᠵᠢᠯ ᠣᠯᠣᠭᠰᠠᠨ ᠬᠠᠮᠲᠤᠯᠢᠭ ᠢ ᠬᠥᠲᠥᠯᠥᠨ ᠵᠢᠯᠤᠭᠤᠳᠴᠤ ᠦᠨᠳᠦᠰᠦᠨ ᠱᠠᠲᠤᠨ ᠤ ᠵᠠᠰᠠᠯᠲᠠ ᠳᠤ ᠬᠦᠴᠦᠨ ᠨᠡᠮᠡᠷᠢᠯᠡᠵᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢᠨ︽ᠰᠢᠨ᠎ᠡ︾ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠨ᠎ᠡ᠃            ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号