| | | | ᠣᠶᠢᠷ᠎ᠠ ᠶᠢᠨ ᠵᠢᠯ ᠤᠳ ᠲᠤ᠂ ᠬᠤᠲᠠ ᠶᠢᠨ ᠭᠤᠣᠯ ᠬᠡᠰᠡᠭ ᠲᠤ ᠪᠠᠶᠢᠭ᠎ᠠ ᠮᠠᠰᠢ ᠣᠯᠠᠨ ᠠᠯᠪᠠᠯᠠᠬᠤ ᠠᠰᠠᠷ ᠪᠠ | ᠬᠤᠳᠠᠯᠳᠤᠭᠠᠨ ᠤ ᠠᠰᠠᠷ ᠪᠠᠶᠢᠰᠢᠩ ᠢᠳᠡᠭ ᠢᠳᠡᠭ ᠢᠶᠠᠷ ︽ᠥᠨᠳᠥᠷ ᠨᠠᠰᠤᠨ ᠤ ᠬᠤᠭᠤᠴᠠᠭ᠎ᠠ︾ ᠳᠤ ᠣᠷᠣᠵᠤ ᠂ | ᠭᠠᠳᠠᠷ ᠪᠠᠶᠢᠳᠠᠯ ᠪᠠ ᠪᠡᠯᠡᠳᠬᠡᠮᠵᠢ ᠲᠥᠬᠦᠭᠡᠷᠦᠮᠵᠢ ᠬᠠᠭᠤᠴᠢᠷᠠᠬᠤ᠂ ᠠᠮᠤᠷ ᠲᠦᠪᠰᠢᠨ ᠤ ᠳᠠᠯᠳᠠ ᠬᠡᠮ ᠨᠡᠮᠡᠭᠳᠡᠬᠦ᠂ | ᠣᠷᠣᠨ ᠵᠠᠢ ᠶᠢᠨ ᠪᠠᠶᠢᠷᠢᠰᠢᠯ ᠨᠢ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠡᠷᠡᠭᠴᠡᠭᠡ ᠶᠢ ᠬᠠᠩᠭᠠᠵᠤ ᠳᠡᠶᠢᠯᠬᠦ | ᠦᠭᠡᠢ ᠪᠣᠯᠬᠤ ᠵᠡᠷᠭᠡ ᠠᠰᠠᠭᠤᠳᠠᠯ ᠳᠤ ᠲᠤᠯᠭᠠᠷᠠᠵᠤ᠂ ᠬᠡᠰᠡᠭ ᠠᠰᠠᠷ ᠤᠨ ᠲᠦᠷᠢᠶᠡᠰᠦᠨ ᠮᠥᠩᠭᠦ ᠪᠠᠭᠤᠷᠠᠵᠤ᠂ | ᠠᠮᠢᠵᠢᠷᠠᠯ ᠤᠨ ᠬᠦᠴᠦᠨ ᠪᠠᠭᠤᠷᠠᠵᠤ᠂ ᠴᠢᠨᠠᠭᠰᠢᠯᠠᠪᠠᠯ ᠣᠷᠳᠣ ᠬᠤᠭᠤᠴᠠᠭ᠎ᠠ ᠪᠠᠷ ᠬᠤᠭᠤᠰᠤᠨ ᠪᠠᠶᠢᠵᠤ᠂ ᠬᠤᠲᠠ ᠶᠢᠨ | ᠴᠢᠨᠠᠷ ᠰᠠᠶᠢᠲᠠᠢ ᠬᠥᠭᠵᠢᠯᠲᠡ ᠶᠢᠨ ︽ᠳᠠᠷᠤᠭᠠᠰᠤ︾ ᠪᠣᠯᠤᠭᠰᠠᠨ ᠪᠠᠶᠢᠨ᠎ᠠ᠃ ᠬᠤᠳᠠᠯᠳᠤᠭ᠎ᠠ ᠦᠢᠯᠡᠴᠢᠯᠡᠭᠡᠨ ᠤ ᠦᠢᠯᠡᠰ᠂ | ᠠᠯᠪᠠᠯᠠᠬᠤ ᠲᠥᠷᠥᠯ ᠤᠨ ᠠᠰᠠᠷ ᠪᠠᠶᠢᠰᠢᠩ ᠢ ᠰᠢᠨᠡᠴᠢᠯᠡᠨ ᠥᠭᠡᠷᠡᠴᠢᠯᠡᠬᠦ ᠶᠢ ᠨᠠᠩ ᠰᠠᠶᠢᠨ ᠠᠬᠢᠭᠤᠯᠬᠤ ᠶᠢᠨ | ᠲᠥᠯᠥᠭᠡ᠂ ᠣᠶᠢᠷ᠎ᠠ ᠳᠤ᠂ ᠪᠡᠭᠡᠵᠢᠩ ᠬᠤᠲᠠ ᠶᠢᠨ ᠬᠢᠨ ︽ᠬᠠᠭᠤᠴᠢᠷᠠᠭᠰᠠᠨ ᠦᠷ᠎ᠡ ᠠᠰᠢᠭ ᠢᠶᠠᠷ ᠳᠣᠣᠷ᠎ᠠ ᠠᠰᠠᠷ | ᠪᠠᠶᠢᠰᠢᠩ ᠢ ᠰᠢᠨᠡᠴᠢᠯᠡᠨ ᠥᠭᠡᠷᠡᠴᠢᠯᠡᠬᠦ ᠬᠡᠷᠡᠭᠵᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠳᠣᠷᠣᠭᠰᠢ | ︽ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠵᠤ ᠂ ᠬᠠᠭᠤᠴᠢᠷᠠᠭᠰᠠᠨ ᠦᠷ᠎ᠡ | ᠠᠰᠢᠭ ᠢᠶᠠᠷ ᠳᠣᠣᠷ᠎ᠠ ᠠᠰᠠᠷ ᠪᠠᠶᠢᠰᠢᠩ ᠢ ᠰᠢᠨᠡᠴᠢᠯᠡᠨ ᠥᠭᠡᠷᠡᠴᠢᠯᠡᠬᠦ ᠶᠢᠨ ᠬᠡᠷᠡᠭᠵᠢᠭᠦᠯᠬᠦ ᠱᠠᠭᠠᠷᠳᠠᠯᠭ᠎ᠠ ᠪᠠ ᠠᠯᠬᠤᠮ | ᠳᠠᠷᠠᠭ᠎ᠠ ᠶᠢ ᠲᠣᠳᠣᠷᠬᠠᠶᠢᠯᠠᠨ᠂ ᠤᠷᠮᠠᠰᠢᠭᠤᠯᠬᠤ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠨᠠᠷᠢᠯᠢᠭᠵᠢᠭᠤᠯᠤᠭᠰᠠᠨ | ᠨᠢ ᠠᠶᠤᠯ ᠲᠦᠭᠰᠢᠭᠦᠷᠢ ᠶᠢ ᠰᠡᠷᠭᠡᠶᠢᠯᠡᠬᠦ᠂ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠠᠷᠠᠳ ᠤᠨ ᠠᠮᠢᠳᠤᠷᠠᠯ ᠳᠤ | ᠠᠰᠢᠭ ᠬᠦᠷᠲᠡᠭᠡᠬᠦ ᠪᠦᠲᠦᠮᠵᠢᠲᠡᠶ ᠠᠷᠭ᠎ᠠ ᠬᠡᠮᠵᠢᠶ᠎ᠡ ᠮᠥᠨ᠃ | | | ᠬᠠᠭᠤᠴᠢᠨ ᠠᠰᠠᠷ ᠤᠨ ᠶᠠᠰᠤ ᠴᠢᠨᠠᠷ ᠪᠠ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠵᠦ᠂ ᠠᠮᠤᠷ ᠲᠦᠪᠰᠢᠨ | ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠪᠠᠷᠢᠯᠭ᠎ᠠ ᠶᠢᠨ ᠬᠡᠷᠡᠭᠯᠡᠯᠲᠡ ᠶᠢᠨ ᠵᠢᠯ | ᠬᠤᠭᠤᠴᠠᠭ᠎ᠠ ᠶᠢᠨ ᠨᠡᠮᠡᠭᠳᠡᠬᠦ ᠶᠢ ᠳᠠᠭᠠᠯᠳᠤᠨ᠂ ᠬᠠᠭᠤᠴᠢᠷᠠᠭᠰᠠᠨ ᠬᠤᠳᠠᠯᠳᠤᠭ᠎ᠠ ᠠᠯᠪᠠᠯᠠᠬᠤ ᠠᠰᠠᠷ ᠨᠢ ᠠᠮᠤᠷ | ᠲᠦᠪᠰᠢᠨ ᠤ ᠴᠢᠳᠠᠮᠵᠢ᠂ ᠣᠷᠣᠨ ᠵᠠᠢ ᠶᠢᠨ ᠵᠢᠷᠤᠭ ᠲᠥᠯᠥᠪᠯᠡᠭᠡ᠂ ᠪᠡᠯᠡᠳᠬᠡᠮᠵᠢ ᠲᠥᠬᠦᠭᠡᠷᠦᠮᠵᠢ ᠵᠡᠷᠭᠡ ᠲᠠᠯ᠎ᠠ ᠪᠠᠷ | ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠱᠠᠭᠠᠷᠳᠠᠯᠭ᠎ᠠ ᠪᠠ ᠡᠵᠡᠩᠨᠡᠯᠲᠡ ᠶᠢᠨ ᠬᠡᠷᠡᠭᠴᠡᠭᠡ ᠶᠢ ᠬᠠᠩᠭᠠᠵᠤ | ᠳᠡᠶᠢᠯᠬᠦ ᠦᠭᠡᠢ ᠪᠣᠯᠵᠠᠢ᠃ ᠡᠭᠦᠨ ᠤ ᠬᠠᠮᠲᠤ᠂ ᠡᠲᠡᠭᠡᠷ ᠠᠰᠠᠷ ᠪᠠᠶᠢᠰᠢᠩ ᠨᠢ ᠠᠰᠠᠷ ᠤᠨ ᠴᠣᠭᠴᠠ᠂ ᠮᠠᠰᠢᠨ | ᠴᠠᠬᠢᠯᠭᠠᠨ ᠤ ᠲᠥᠬᠦᠭᠡᠷᠦᠮᠵᠢ ᠶᠢᠨ ᠴᠢᠳᠠᠪᠬᠢ ᠬᠠᠭᠤᠴᠢᠷᠠᠭᠰᠠᠨ ᠵᠡᠷᠭᠡ ᠰᠢᠯᠲᠠᠭᠠᠨ ᠠᠴᠠ ᠪᠣᠯᠵᠤ᠂ ᠡᠨᠧᠷᠭᠢ ᠶᠢᠨ | ᠬᠤᠷᠣᠭᠳᠠᠯ ᠤᠨ ᠶᠡᠷᠦᠩᠬᠡᠢ ᠬᠡᠮᠵᠢᠶ᠎ᠡ ᠨᠢ ᠶᠡᠭᠡ᠂ ᠡᠨᠧᠷᠭᠢ ᠶᠢᠨ ᠠᠰᠢᠭᠯᠠᠮᠵᠢ ᠨᠢ ᠳᠣᠣᠷ᠎ᠠ᠂ ᠪᠣᠬᠢᠷᠲᠤᠯ ᠶᠡᠬᠡᠲᠡᠢ | ᠪᠣᠯᠵᠠᠢ᠃ ︽ᠬᠡᠷᠡᠭᠵᠢᠭᠦᠯᠬᠦ ᠠᠷᠭ᠎ᠠ︾ ᠳᠤ᠂ 1980 ᠣᠨ ᠠᠴᠠ ᠡᠮᠦᠨ᠎ᠡ ᠪᠠᠶᠢᠭᠤᠯᠤᠭᠰᠠᠨ᠂ ᠭᠠᠵᠠᠷ ᠬᠥᠳᠡᠯᠦᠯᠲᠡ ᠶᠢ | ᠳᠠᠭᠠᠭᠠᠬᠤ ᠵᠡᠷᠭᠡ ᠠᠮᠤᠷ ᠲᠦᠪᠰᠢᠨ ᠤ ᠳᠠᠯᠳᠠ ᠭᠡᠮ ᠣᠷᠣᠰᠢᠵᠤ ᠪᠠᠶᠢᠬᠤ ᠪᠥᠭᠡᠳ ᠪᠠᠬᠢᠯᠡᠭᠡᠳᠦᠢ ᠠᠰᠠᠷ ᠪᠠᠶᠢᠰᠢᠩ᠂ | ᠵᠢᠴᠢ 2005 ᠣᠨ ᠠᠴᠠ ᠡᠮᠦᠨ᠎ᠡ ᠡᠨᠧᠷᠬᠢ ᠠᠷᠪᠢᠯᠠᠬᠤ ᠥᠭᠡᠷᠡᠴᠢᠯᠡᠯᠲᠡ ᠬᠢᠭᠰᠡᠨ ᠦᠭᠡᠢ ᠪᠤᠶᠤ ᠬᠤᠶᠠᠷ ᠵᠢᠯ | ᠳᠠᠷᠠᠭᠠᠯᠠᠨ ᠡᠨᠧᠷᠬᠢ ᠬᠡᠷᠡᠭᠯᠡᠭᠰᠡᠨ ᠬᠡᠮᠵᠢᠶ᠎ᠡ ᠨᠢ ᠪᠠᠷᠢᠮᠵᠢᠶ᠎ᠠ ᠶᠢᠨ 80% ᠠᠴᠠ ᠬᠡᠲᠦᠷᠡᠭᠰᠡᠨ ᠠᠰᠠᠷ ᠪᠠᠶᠢᠰᠢᠩ ᠳᠤ | ᠶᠠᠰᠤ ᠴᠢᠨᠠᠷ ᠢ ᠪᠠᠶᠢᠴᠠᠭᠠᠨ ᠰᠢᠯᠭᠠᠬᠤ ᠪᠠ ᠲᠦᠭᠰᠢᠭᠦᠷᠢ ᠶᠢ ᠵᠢᠭᠰᠠᠭᠠᠨ ᠪᠠᠶᠢᠴᠠᠭᠠᠬᠤ ᠡᠷᠴᠢᠮ ᠢᠶᠠᠨ ᠨᠡᠮᠡᠭᠳᠡᠭᠦᠯᠦᠨ᠂ | ᠬᠤᠳᠠ ᠶᠢᠨ ᠬᠠᠭᠤᠴᠢᠷᠠᠭᠰᠠᠨ ᠠᠰᠠᠷ ᠪᠠᠶᠢᠰᠢᠩ ᠤᠨ ᠰᠠᠭᠤᠷᠢ ᠲᠠᠩᠰᠠ ᠬᠠᠷ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ | ᠬᠠᠲᠠᠭᠤ ᠪᠡᠯᠡᠳᠬᠡᠮᠵᠢ ᠶᠢ ᠰᠢᠯᠢᠳᠡᠭᠵᠢᠭᠦᠯᠦᠨ᠂ ᠢᠵᠢ ᠪᠦᠷᠢᠳᠦᠭᠦᠯᠬᠦ ᠪᠡᠯᠡᠳᠬᠡᠮᠵᠢ ᠶᠢ ᠲᠡᠭᠦᠯᠳᠡᠷᠵᠢᠭᠦᠯᠵᠦ᠂ ᠠᠮᠤᠷ | ᠲᠦᠪᠰᠢᠨ ᠪᠤᠰᠤ ᠲᠠᠯᠳᠠ ᠭᠡᠮ ᠢ ᠠᠷᠢᠯᠭᠠᠨ᠂ ᠡᠨᠧᠷᠬᠢ ᠠᠷᠪᠢᠯᠠᠵᠤ ᠪᠣᠬᠢᠷᠲᠤᠯ ᠦᠭᠡᠢ ᠪᠣᠯᠭᠠᠬᠤ ᠥᠭᠡᠷᠡᠴᠢᠯᠡᠯᠲᠡ ᠶᠢ | ᠵᠡᠷᠭᠡ ᠳᠤᠨᠢ ᠬᠡᠷᠡᠭᠵᠢᠭᠦᠯᠵᠦ᠂ ᠠᠮᠤᠷ ᠲᠦᠪᠰᠢᠨ᠂ ᠪᠣᠬᠢᠷᠲᠤᠯ ᠦᠭᠡᠢ ᠬᠥᠭᠵᠢᠯᠲᠡ ᠶᠢᠨ ᠬᠤᠷᠢᠭ᠎ᠠ ᠱᠤᠭᠤᠮ ᠢ ᠪᠠᠲᠤ | ᠪᠠᠬᠢ ᠴᠣᠭᠴᠠᠯᠠᠨ᠎ᠠ ᠭᠡᠵᠦ ᠱᠠᠭᠠᠷᠳᠠᠵᠠᠢ᠃ | | | ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠤᠨ ᠴᠢᠳᠠᠮᠵᠢ ᠪᠠ ᠦᠷ᠎ᠡ ᠠᠰᠢᠭ ᠢ ᠰᠢᠯᠢᠳᠡᠭᠵᠢᠭᠦᠯᠵᠦ᠂ | ᠦᠯᠡᠳᠡᠭᠡᠯ ᠣᠷᠣᠨ ᠵᠠᠢ ᠶᠢᠨ ᠡᠬᠢ ᠪᠠᠶᠠᠯᠢᠭ ᠢ ᠡᠷᠴᠢᠮᠵᠢᠭᠦᠯᠦᠨ ᠥᠨᠳᠥᠷ ᠪᠦᠲᠦᠮᠵᠢᠲᠡᠶ ᠪᠠᠷ ᠨᠡᠶᠢᠯᠡᠭᠦᠯᠦᠨ | ᠠᠰᠢᠭᠯᠠᠬᠤ ᠶᠢ ᠠᠬᠢᠭᠤᠯᠤᠨ᠎ᠠ᠃ ᠳᠣᠣᠷ᠎ᠠ ᠠᠰᠢᠭᠯᠠᠮᠵᠢ ᠲᠠᠢ ᠠᠰᠠᠷ ᠪᠠᠶᠢᠰᠢᠩ ᠭᠡᠳᠡᠭ ᠨᠢ ᠤᠯᠤᠰ ᠠᠷᠠᠳ ᠤᠨ ᠠᠵᠤ | ᠠᠬᠤᠢ ᠪᠠ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠶᠡᠷᠦᠩᠬᠡᠢ ᠬᠤᠪᠢ ᠨᠡᠮᠡᠷᠢ ᠶᠢᠨ ᠨᠣᠷᠮ᠎ᠠ ᠨᠡᠯᠢᠶᠡᠳ | ᠳᠣᠣᠷ᠎ᠠ ᠠᠰᠠᠷ ᠪᠠᠶᠢᠰᠢᠩ ᠢ ᠵᠢᠭᠠᠵᠤ ᠪᠠᠶᠢᠨ᠎ᠠ᠃ ︽ᠬᠡᠷᠡᠭᠵᠢᠭᠦᠯᠬᠦ ᠠᠷᠭ᠎ᠠ︾ ᠳᠤ᠂ ᠡᠯ᠎ᠡ ᠲᠣᠭᠤᠷᠢᠭ ᠤᠨ ᠬᠢᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠢᠶᠠᠨ ᠦᠨᠳᠦᠰᠦᠯᠡᠨ᠂ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ | ᠮᠠᠭᠠᠳᠯᠠᠨ ᠲᠣᠭᠲᠠᠭᠠᠬᠤ ᠪᠠᠷᠢᠮᠵᠢᠶ᠎ᠠ ᠶᠢ ᠲᠣᠭᠲᠠᠭᠠᠬᠤ ᠶᠢᠨ ᠬᠠᠮᠲᠤ ᠴᠠᠭ ᠲᠤᠨᠢ ᠲᠣᠬᠢᠷᠠᠭᠤᠯᠤᠯᠲᠠ ᠬᠢᠵᠦ᠂ ᠦᠷ᠎ᠡ | ᠠᠰᠢᠭ ᠢᠶᠠᠷ ᠳᠣᠣᠷ᠎ᠠ ᠠᠰᠠᠷ ᠤᠨ ᠰᠠᠭᠤᠷᠢ ᠲᠠᠩᠰᠠ ᠪᠠᠶᠢᠭᠤᠯᠬᠤ ᠶᠢᠨ ᠬᠠᠮᠲᠤ ᠬᠥᠳᠡᠯᠦᠩᠭᠦᠢ ᠪᠠᠷ ᠰᠢᠨᠡᠳᠬᠡᠵᠦ᠂ | ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠰᠢᠨᠡᠴᠢᠯᠡᠬᠦ ᠲᠥᠯᠥᠪᠯᠡᠭᠡ ᠶᠢ ᠨᠠᠶᠢᠷᠠᠭᠤᠯᠤᠨ ᠵᠣᠬᠢᠶᠠᠵᠤ᠂ | ᠥᠭᠡᠷᠡᠴᠢᠯᠡᠬᠦ ᠲᠥᠷᠥᠯ ᠵᠦᠢᠯ ᠤᠨ ᠬᠡᠷᠡᠭᠵᠢᠭᠦᠯᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠦ ᠲᠣᠳᠣᠷᠬᠠᠢ | ᠲᠣᠭᠲᠠᠭᠠᠵᠠᠢ᠃ ︽ᠬᠡᠷᠡᠭᠵᠢᠭᠦᠯᠬᠦ ᠠᠷᠭ᠎ᠠ︾ ᠳᠤ ᠲᠡᠷᠭᠡᠨ ᠵᠣᠭᠰᠣᠭᠠᠯ ᠳᠤᠲᠠᠭᠳᠠᠵᠤ ᠪᠠᠶᠢᠭ᠎ᠠ ᠭᠤᠣᠯᠳᠠᠯᠭ᠎ᠠ ᠲᠠᠢ | ᠣᠷᠣᠨ ᠪᠦᠰᠡ ᠳᠤ ᠳᠣᠣᠷ᠎ᠠ ᠠᠰᠢᠭᠯᠠᠮᠵᠢ ᠲᠠᠢ ᠠᠰᠠᠷ ᠪᠠᠶᠢᠰᠢᠩ ᠢ ᠲᠡᠷᠭᠡ ᠵᠣᠭᠰᠤᠭᠠᠬᠤ ᠲᠥᠬᠦᠭᠡᠷᠦᠮᠵᠢ ᠪᠣᠯᠭᠠᠨ | ᠥᠭᠡᠷᠡᠴᠢᠯᠡᠨ ᠪᠠᠶᠢᠭᠤᠯᠬᠤ ᠶᠢ ᠵᠣᠷᠢᠭᠵᠢᠭᠤᠯᠬᠤ ᠶᠢᠨ ᠬᠠᠮᠲᠤ᠂ ᠠᠰᠠᠷ ᠤᠨ ᠨᠢᠭᠡᠳᠦᠭᠡᠷ ᠳᠠᠪᠬᠤᠷᠯᠢᠭ ᠢ ᠴᠢᠯᠦᠭᠡᠲᠡᠢ | ᠨᠡᠭᠡᠭᠡᠵᠦ ᠬᠠᠮᠲᠤ ᠪᠠᠷ ᠡᠳ᠋ᠯᠡᠬᠦ᠂ ᠭᠡᠷ ᠤᠨ ᠳᠣᠲᠣᠨ᠎ᠠ ᠭᠠᠳᠠᠨᠠᠬᠢ ᠣᠷᠣᠨ ᠵᠠᠢ ᠶᠢ ᠬᠤᠯᠪᠣᠯᠳᠤᠭᠤᠯᠬᠤ᠂ ᠰᠣᠶᠣᠯ | ᠪᠡᠶ᠎ᠡ ᠶᠢᠨ ᠲᠠᠮᠢᠷ ᠰᠤᠷᠭᠠᠨ ᠬᠥᠮᠦᠵᠢᠯ ᠤᠨ ᠴᠢᠳᠠᠮᠵᠢ ᠶᠢ ᠲᠣᠬᠢᠷᠠᠭᠤᠯᠬᠤ ᠵᠡᠷᠭᠡ ᠣᠷᠣᠨ ᠵᠠᠢ ᠶᠢ ᠨᠡᠶᠢᠯᠡᠭᠦᠯᠦᠨ | ᠠᠰᠢᠭᠯᠠᠬᠤ ᠶᠢ ᠠᠬᠢᠭᠤᠯᠬᠤ ᠠᠯᠢ ᠣᠯᠠᠨ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠳᠣᠣᠷ᠎ᠠ ᠠᠰᠢᠭᠯᠠᠮᠵᠢ ᠲᠠᠢ | ᠠᠰᠠᠷ ᠪᠠᠶᠢᠰᠢᠩ ᠢ ᠲᠡᠰ ᠬᠤᠪᠢᠶᠠᠨ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠭᠠᠵᠠᠷ ᠳᠣᠣᠷᠠᠬᠢ ᠣᠷᠣᠨ ᠵᠠᠢ ᠶᠢ | ᠰᠢᠨᠵᠢᠯᠡᠬᠦ ᠤᠬᠠᠭᠠᠨᠴᠢ ᠪᠠᠷ ᠠᠰᠢᠭᠯᠠᠵᠤ᠂ ᠬᠤᠳᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢᠨ | ᠳᠤᠲᠠᠭᠳᠠᠯ ᠢ ᠨᠥᠬᠦᠪᠦᠷᠢᠯᠡᠵᠦ᠂ ᠬᠤᠳᠠ ᠶᠢᠨ ᠣᠷᠣᠨ ᠵᠠᠢ ᠶᠢᠨ ᠳᠠᠷᠤᠯᠲᠠ ᠶᠢ ᠬᠥᠩᠭᠡᠷᠡᠭᠦᠯᠵᠦ᠂ ᠬᠤᠳᠠ ᠶᠢᠨ | ᠴᠢᠳᠠᠮᠵᠢ ᠶᠢ ᠲᠡᠭᠦᠯᠳᠡᠷᠵᠢᠭᠦᠯᠦᠨ᠎ᠡ᠃ | | | ᠠᠷᠠᠳ ᠤᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ | ᠬᠠᠭᠤᠴᠢᠷᠠᠭᠰᠠᠨ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠥᠭᠡᠷᠡᠴᠢᠯᠡᠨ ᠵᠠᠰᠠᠬᠤ ᠶᠢ ᠵᠣᠷᠢᠭᠵᠢᠭᠤᠯᠤᠨ | ᠣᠷᠣᠨ ᠰᠠᠭᠤᠴᠠ ᠶᠢᠨ ᠪᠠᠲᠤᠯᠠᠭ᠎ᠠ ᠶᠢᠨ ᠠᠵᠢᠯ ᠳᠤ ᠬᠦᠴᠦᠨ ᠨᠡᠮᠡᠷᠢᠯᠡᠨ᠎ᠡ᠃ ᠰᠢᠨ᠎ᠡ ᠬᠤᠳᠠ ᠶᠢᠨ ᠠᠷᠠᠳ᠂ | ᠵᠠᠯᠠᠭᠤᠴᠤᠳ ᠵᠡᠷᠭᠡ ᠬᠠᠮᠲᠤᠯᠢᠭ ᠤᠨ ᠣᠷᠣᠨ ᠰᠠᠭᠤᠴᠠ ᠶᠢᠨ ᠬᠡᠷᠡᠭᠴᠡᠭᠡ ᠶᠢ ᠨᠡᠩ ᠰᠠᠶᠢᠨ ᠬᠠᠩᠭᠠᠵᠤ᠂ ᠲᠣᠮᠣ | ᠬᠤᠳᠠ ᠶᠢᠨ ᠣᠷᠣᠨ ᠰᠠᠭᠤᠴᠠ ᠶᠢᠨ ᠲᠣᠪᠣᠶᠢᠮ᠎ᠠ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢᠨ ᠲᠥᠯᠥᠭᠡ᠂ | ᠲᠦᠷᠦ ᠶᠢᠨ ᠶᠠᠪᠤᠳᠠᠯ ᠤᠨ ᠬᠤᠷᠢᠶ᠎ᠠ ᠠᠴᠠ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢ | ᠲᠦᠷᠭᠡᠪᠴᠢᠯᠡᠨ ᠬᠥᠭᠵᠢᠭᠦᠯᠵᠦ᠂ ᠰᠤᠯᠠ ᠪᠠᠶᠢᠭ᠎ᠠ ᠦᠷ᠎ᠡ ᠪᠦᠲᠦᠮᠵᠢ ᠮᠠᠭᠤᠲᠠᠢ ᠬᠤᠳᠠᠯᠳᠤᠭ᠎ᠠ ᠠᠯᠪᠠᠯᠠᠬᠤ ᠠᠰᠠᠷ᠂ | ᠠᠶᠠᠨᠴᠢᠳ ᠤᠨ ᠪᠠᠭᠤᠳᠠᠯ᠂ ᠬᠥᠮᠥᠷᠭᠡ᠂ ᠰᠢᠨᠵᠢᠯᠡᠬᠦ ᠤᠬᠠᠭᠠᠨ ᠤ ᠰᠤᠳᠤᠯᠤᠯ ᠰᠤᠷᠭᠠᠨ ᠬᠥᠮᠦᠵᠢᠯ ᠵᠡᠷᠭᠡ ᠣᠷᠣᠨ | ᠰᠠᠭᠤᠴᠠ ᠶᠢᠨ ᠪᠤᠰᠤ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠠᠰᠢᠭᠯᠠᠨ ᠪᠠᠲᠤᠯᠠᠭ᠎ᠠ ᠶᠢᠨ ᠴᠢᠨᠠᠷᠲᠠᠢ | ᠲᠦᠷᠢᠶᠡᠰᠦᠨ ᠣᠷᠣᠨ ᠰᠠᠭᠤᠴᠠ ᠴᠤᠭᠯᠠᠭᠤᠯᠬᠤ ᠶᠢ ᠵᠣᠷᠢᠭᠵᠢᠭᠤᠯᠤᠨ᠎ᠠ ᠭᠡᠵᠦ ᠳᠤᠷᠠᠳᠤᠨ ᠭᠠᠷᠭᠠᠪᠠ᠃ ︽ | ᠬᠡᠷᠡᠭᠵᠢᠭᠦᠯᠬᠦ ᠠᠷᠭ᠎ᠠ︾ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ | ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠭᠤᠴᠢᠷᠠᠭᠰᠠᠨ | ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ | ᠪᠣᠯᠭᠠᠨ ᠥᠭᠡᠷᠡᠴᠢᠯᠡᠨ ᠪᠠᠶᠢᠭᠤᠯᠬᠤ ᠶᠢ ᠵᠣᠷᠢᠭᠵᠢᠭᠤᠯᠬᠤ ᠮᠥᠷᠲᠡᠭᠡᠨ ᠭᠠᠵᠠᠷ ᠰᠢᠷᠣᠢ ᠶᠢᠨ ᠬᠡᠷᠡᠭᠯᠡᠯᠲᠡ ᠶᠢᠨ ᠰᠢᠨᠵᠢ | ᠴᠢᠨᠠᠷ ᠢ ᠬᠤᠪᠢᠷᠠᠭᠤᠯᠵᠤ ᠪᠣᠯᠬᠤ ᠦᠭᠡᠢ᠂ ᠭᠠᠵᠠᠷ ᠰᠢᠷᠣᠢ ᠶᠢᠨ ᠦᠨ᠎ᠡ ᠶᠢᠨ ᠵᠣᠭᠤᠰ ᠢ ᠨᠥᠬᠦᠵᠦ ᠲᠤᠰᠢᠶᠠᠬᠤ | ᠦᠭᠡᠢ᠃ ᠡᠭᠦᠨ ᠤ ᠬᠠᠮᠲᠤ᠂ ᠣᠷᠣᠨ ᠰᠠᠭᠤᠴᠠ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ᠂ ᠪᠣᠬᠢᠷᠲᠤᠯ ᠦᠭᠡᠢ ᠂ | ᠲᠥᠬᠦᠮ ᠦᠵᠡᠭᠦᠯᠬᠦ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ︽ᠬᠡᠷᠡᠭᠵᠢᠭᠦᠯᠬᠦ ᠠᠷᠭ᠎ᠠ︾ ᠳᠤ ᠪᠠᠷᠢᠮᠵᠢᠶ᠎ᠠ | ᠱᠠᠭᠠᠷᠳᠠᠯᠭ᠎ᠠ᠂ ᠬᠡᠪᠴᠢᠶᠡᠵᠢᠯ ᠬᠠᠮᠢᠶᠠᠷᠤᠯᠲᠠ ᠡᠵᠡᠮᠳᠡᠯ ᠵᠡᠷᠭᠡ ᠲᠠᠯ᠎ᠠ ᠪᠠᠷ ᠠᠯᠢ ᠣᠯᠠᠨ ᠲᠥᠷᠥ ᠶᠢᠨ ᠪᠣᠳᠣᠯᠭ᠎ᠠ ᠶᠢᠨ | ᠳᠡᠮᠵᠢᠯᠭᠡ ᠦᠵᠡᠭᠦᠯᠦᠨ᠎ᠡ᠃ ᠵᠢᠱᠢᠶᠡᠯᠡᠪᠡᠯ᠂ ᠥᠭᠡᠷᠡᠴᠢᠯᠡᠭᠰᠡᠨ ᠤ ᠳᠠᠷᠠᠭᠠᠬᠢ ᠲᠥᠷᠥᠯ ᠵᠦᠢᠯ ᠤᠨ ᠨᠡᠷᠡᠨ ᠤ | ᠲᠤᠰᠤᠯᠲᠠ ᠶᠢᠨ ᠴᠠᠭ᠂ ᠪᠠᠷᠢᠯᠭ᠎ᠠ ᠶᠢᠨ ᠵᠠᠢ᠂ ᠢᠵᠢ ᠪᠦᠷᠢᠳᠦᠭᠰᠡᠨ ᠲᠡᠷᠭᠡᠨ ᠵᠣᠭᠰᠣᠭᠠᠯ ᠵᠡᠷᠭᠡ ᠶᠢ ᠣᠲᠣ ᠶᠢᠨ | ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠱᠠᠭᠠᠷᠳᠠᠯᠭ᠎ᠠ ᠪᠤᠶᠤ ᠣᠳᠣᠬᠢ ᠪᠠᠶᠢᠳᠠᠯ ᠠᠴᠠ ᠳᠣᠣᠷ᠎ᠠ ᠪᠠᠶᠢᠯᠭᠠᠵᠤ ᠪᠣᠯᠬᠤ | ᠦᠭᠡᠢ︔ ᠬᠠᠷᠰᠢ ᠰᠠᠭᠠᠳ ᠦᠭᠡᠢ ᠪᠡᠯᠡᠳᠬᠡᠮᠵᠢ᠂ ᠴᠠᠬᠢᠯᠭᠠᠨ ᠱᠠᠲᠤ᠂ ᠰᠠᠯᠬᠢᠨ ᠵᠠᠮ ᠵᠡᠷᠭᠡ ᠳᠠᠭᠠᠯᠲᠠ ᠪᠡᠯᠡᠳᠬᠡᠮᠵᠢ ᠪᠠ | ᠭᠡᠷ ᠤᠨ ᠭᠠᠳᠠᠨᠠᠬᠢ ᠨᠡᠭᠡᠭᠡᠯᠲᠡᠲᠤ ᠴᠢᠨᠠᠷᠲᠠᠢ ᠣᠯᠠᠨ ᠨᠡᠶᠢᠲᠡ ᠶᠢᠨ ᠣᠷᠣᠨ ᠪᠦᠰᠡ ᠶᠢ ᠨᠡᠮᠡᠵᠦ ᠪᠠᠶᠢᠭᠤᠯᠬᠤ | ᠴᠢᠬᠤᠯᠠᠲᠠᠢ ᠪᠠᠶᠢᠪᠠᠯ᠂ ᠰᠢᠨ᠎ᠡ ᠪᠠᠷ ᠨᠡᠮᠡᠭᠳᠡᠭᠰᠡᠨ ᠪᠠᠷᠢᠯᠭ᠎ᠠ ᠶᠢᠨ ᠬᠡᠪᠴᠢᠶ᠎ᠡ ᠶᠢ ᠪᠠᠷᠢᠯᠭ᠎ᠠ ᠶᠢᠨ ᠬᠠᠮᠢᠶᠠᠷᠤᠨ ᠡᠵᠡᠮᠳᠡᠬᠦ | ᠬᠡᠪᠴᠢᠶ᠎ᠡ ᠳᠤ ᠪᠤᠳᠤᠵᠤ ᠣᠷᠣᠭᠤᠯᠬᠤ ᠦᠭᠡᠢ᠃ | | | ᠵᠠᠰᠠᠭ ᠤᠨ ᠣᠷᠳᠣᠨ ᠠᠴᠠ ᠪᠠᠲᠤᠯᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ ᠶᠢ ᠪᠠᠷᠢᠮᠲᠠᠯᠠᠵᠤ᠂ ᠠᠳᠠᠯ | ᠠᠬᠤᠢ ᠶᠢᠨ ᠡᠷᠬᠡᠲᠦ ᠬᠥᠮᠥᠨ ᠤ ᠰᠠᠨᠠᠭᠠᠴᠢᠯᠠᠭ᠎ᠠ ᠠᠴᠠ ᠪᠠᠨ ᠠᠰᠠᠷ ᠪᠠᠶᠢᠰᠢᠩ ᠤᠨ ᠰᠢᠨᠡᠴᠢᠯᠡᠯᠲᠡ ᠳᠤ | ᠣᠷᠤᠯᠴᠠᠬᠤ ᠶᠢ ᠬᠥᠲᠥᠯᠥᠨ ᠵᠢᠯᠣᠭᠤᠳᠤᠨ᠎ᠠ᠃ ᠦᠯᠡᠳᠡᠭᠡᠯ ᠠᠰᠠᠷ ᠪᠠᠶᠢᠰᠢᠩ ᠢ ᠰᠢᠨᠡᠴᠢᠯᠡᠨ ᠥᠭᠡᠷᠡᠴᠢᠯᠡᠬᠦ ᠳᠤ | ᠶᠡᠷᠦᠨᠢ ᠣᠯᠠᠨ ᠡᠰᠢᠲᠦ ᠦᠮᠴᠢᠯᠡᠯ ᠤᠨ ᠡᠷᠬᠡ ᠶᠢᠨ ᠭᠤᠣᠯ ᠴᠣᠭᠴᠠ ᠲᠠᠢ ᠬᠤᠯᠪᠣᠭᠳᠠᠳᠠᠭ᠂ ︽ᠬᠡᠷᠡᠭᠵᠢᠭᠦᠯᠬᠦ ᠠᠷᠭ᠎ᠠ︾ | ᠳᠤ᠂ ᠠᠳᠠᠯ ᠠᠬᠤᠢ ᠶᠢᠨ ᠡᠷᠬᠡᠲᠦ ᠬᠥᠮᠥᠨ ᠤ ᠰᠢᠨᠡᠴᠢᠯᠡᠨ ᠥᠭᠡᠷᠡᠴᠢᠯᠡᠬᠦ ᠳᠤ ᠣᠷᠣᠯᠴᠠᠬᠤ ᠢᠳᠡᠪᠬᠢᠵᠢᠯ ᠢ | ᠳᠠᠶᠢᠴᠢᠯᠠᠵᠤ᠂ ᠪᠡᠶ᠎ᠡ ᠪᠠᠨ ᠳᠠᠭᠠᠭᠠᠬᠤ᠂ ᠬᠠᠮᠲᠤᠷᠠᠯᠴᠠᠬᠤ ᠪᠤᠶᠤ ᠰᠢᠯᠵᠢᠭᠦᠯᠦᠨ ᠥᠭᠬᠦ ᠵᠡᠷᠭᠡ ᠣᠯᠠᠨ ᠠᠷᠭ᠎ᠠ ᠵᠠᠮ ᠢᠶᠠᠷ | ᠳᠠᠮᠵᠢᠭᠤᠯᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠶᠢ ᠵᠣᠷᠢᠭᠵᠢᠭᠤᠯᠵᠤ᠂ ᠣᠯᠠᠨ ᠡᠰᠢᠲᠦ ᠭᠤᠣᠯ ᠴᠣᠭᠴᠠ ᠶᠢᠨ | ᠪᠡᠯᠡ ᠮᠥᠩᠭᠦ᠂ ᠡᠬᠢ ᠪᠠᠶᠠᠯᠢᠭ᠂ ᠨᠠᠷᠠᠲᠤ ᠲᠡᠮᠳᠡᠭ ᠪᠠ ᠡᠵᠡᠩᠨᠡᠯᠲᠡ ᠶᠢᠨ ᠲᠠᠯ᠎ᠠ ᠶᠢᠨ ᠳᠠᠪᠠᠭᠤᠯᠢᠭ ᠢ ᠪᠠᠳᠠᠷᠠᠭᠤᠯᠤᠨ᠂ | ᠦᠷ᠎ᠡ ᠠᠰᠢᠭ ᠢᠶᠠᠷ ᠳᠣᠣᠷ᠎ᠠ ᠡᠳ᠋ ᠬᠥᠷᠥᠩᠭᠡ ᠶᠢ ᠠᠮᠢᠳᠤᠯᠢᠭ ᠪᠣᠯᠭᠠᠵᠤ᠂ ᠠᠰᠠᠷ ᠪᠠᠶᠢᠰᠢᠩ ᠤᠨ ᠰᠢᠨᠡᠴᠢᠯᠡᠯᠲᠡ ᠶᠢ | ᠲᠦᠯᠬᠢᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃ ᠡᠭᠦᠨ ᠤ ᠬᠠᠮᠲᠤ᠂ ᠵᠠᠰᠠᠭ ᠤᠨ ᠣᠷᠳᠣᠨ ᠤ ᠰᠠᠯᠠᠭ᠎ᠠ | ᠮᠥᠴᠢᠷ ᠤᠳ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠ ᠦᠢᠯᠡᠴᠢᠯᠡᠭᠡᠨ ᠤ ᠪᠠᠲᠤᠯᠠᠭ᠎ᠠ ᠶᠢ ᠰᠠᠶᠢᠲᠤᠷ ᠬᠢᠵᠦ᠂ | ᠭᠠᠵᠠᠷ ᠬᠡᠷᠡᠭᠯᠡᠬᠦ ᠰᠢᠨᠵᠢ ᠴᠢᠨᠠᠷ᠂ ᠡᠷᠴᠢᠮ ᠢ ᠬᠠᠮᠢᠶᠠᠷᠤᠨ ᠡᠵᠡᠮᠳᠡᠬᠦ᠂ ᠭᠠᠵᠠᠷ ᠰᠢᠷᠣᠢ ᠶᠢ ᠬᠤᠯᠢᠯᠳᠤᠭᠤᠯᠤᠨ | ᠠᠰᠢᠭᠯᠠᠬᠤ᠂ ᠠᠵᠤ ᠦᠢᠯᠡᠰ ᠲᠤ ᠵᠥᠪᠰᠢᠶᠡᠷᠡᠨ ᠣᠷᠣᠭᠤᠯᠬᠤ᠂ ᠬᠢᠨᠠᠨ ᠵᠥᠪᠰᠢᠶᠡᠷᠡᠵᠦ ᠳᠠᠩᠰᠠᠯᠠᠬᠤ ᠵᠡᠷᠭᠡ ᠲᠠᠯ᠎ᠠ ᠪᠠᠷ | ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠨᠡᠶᠢᠭᠡᠮ ᠤᠨ ᠬᠦᠴᠦᠨ ᠢ ᠬᠥᠲᠥᠯᠥᠨ ᠵᠢᠯᠤᠭᠤᠳᠴᠤ | ᠪᠠᠶᠢᠭᠠᠳ ᠬᠠᠮᠲᠤ ᠪᠠᠷ ᠣᠷᠣᠯᠴᠠᠭᠤᠯᠵᠤ᠂ ᠤᠯᠠᠮᠵᠢᠯᠠᠯᠲᠤ ᠬᠤᠳᠠᠯᠳᠤᠭᠠᠨ ᠤ ᠲᠥᠬᠦᠭᠡᠷᠦᠮᠵᠢ ᠪᠠ ᠬᠠᠭᠤᠴᠢᠷᠠᠭᠰᠠᠨ | ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠥᠭᠡᠷᠡᠴᠢᠯᠡᠨ ᠲᠠᠰ ᠳᠡᠪᠰᠢᠭᠦᠯᠬᠦ ᠶᠢ ᠲᠦᠯᠬᠢᠨ ᠠᠬᠢᠭᠤᠯᠵᠤ᠂ | ᠣᠷᠣᠨ ᠪᠦᠰᠡ ᠶᠢᠨ ᠶᠡᠷᠦᠩᠬᠡᠶᠢᠯᠡᠭᠰᠡᠨ ᠥᠷᠲᠡᠭ ᠪᠠ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ | | | ᠬᠤᠲᠠ ᠶᠢᠨ ᠣᠷᠣᠨ ᠪᠦᠰᠡ ᠶᠢᠨ ᠪᠠᠶᠢᠷᠢᠰᠢᠯ ᠪᠠ ᠠᠵᠤ ᠦᠢᠯᠡᠰ ᠤᠨ ᠪᠦᠲᠦᠴᠡ ᠶᠢᠨ ᠬᠤᠪᠢᠷᠠᠯᠲᠠ ᠶᠢ | ᠳᠠᠭᠠᠯᠳᠤᠨ᠂ ᠦᠯᠡᠳᠡᠭᠡᠯ ᠠᠰᠠᠷ ᠪᠠᠶᠢᠰᠢᠩ ᠢ ᠠᠮᠢᠳᠤᠯᠢᠭᠵᠢᠭᠤᠯᠤᠨ ᠰᠢᠨᠡᠴᠢᠯᠡᠬᠦ ᠬᠡᠷᠡᠭᠴᠡᠭᠡ ᠲᠠᠰᠤᠷᠠᠯᠲᠠ ᠦᠭᠡᠢ | ᠨᠡᠮᠡᠭᠳᠡᠵᠦ ᠪᠠᠶᠢᠨ᠎ᠠ᠂ ᠬᠠᠭᠤᠴᠢᠷᠠᠭᠰᠠᠨ ᠦᠷ᠎ᠡ ᠠᠰᠢᠭ ᠢᠶᠠᠷ ᠳᠣᠣᠷ᠎ᠠ ᠠᠰᠠᠷ ᠪᠠᠶᠢᠰᠢᠩ ᠢ ᠰᠢᠨᠡᠴᠢᠯᠡᠬᠦ ᠨᠢ ᠠᠵᠤ | ᠦᠢᠯᠡᠰ ᠤᠨ ᠪᠦᠲᠦᠴᠡ ᠶᠢᠨ ᠲᠠᠰ ᠳᠡᠪᠰᠢᠬᠦ ᠶᠢ ᠠᠬᠢᠭᠤᠯᠬᠤ᠂ ᠭᠠᠵᠠᠷ ᠣᠷᠣᠨ ᠤ ᠨᠡᠶᠢᠭᠡᠮ ᠪᠠ ᠠᠵᠤ ᠠᠬᠤᠢ ᠶᠢᠨ | ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠨᠡᠮᠡᠭᠳᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ︽ | ᠬᠡᠷᠡᠭᠵᠢᠭᠦᠯᠬᠦ ᠠᠷᠭ᠎ᠠ︾ ᠶᠢ ᠳᠠᠷᠤᠮᠠᠯᠯᠠᠨ ᠲᠠᠷᠬᠠᠭᠠᠭᠰᠠᠨ ᠨᠢ ᠬᠠᠭᠤᠴᠢᠷᠠᠭᠰᠠᠨ ᠦᠷ᠎ᠡ ᠠᠰᠢᠭ ᠢᠶᠠᠷ ᠳᠣᠣᠷ᠎ᠠ ᠠᠰᠠᠷ | ᠪᠠᠶᠢᠰᠢᠩ ᠢ ᠰᠢᠨᠡᠴᠢᠯᠡᠬᠦ ᠳᠤ ᠦᠨᠳᠦᠰᠦᠯᠡᠯ ᠬᠠᠩᠭᠠᠵᠤ᠂ ᠬᠠᠭᠤᠴᠢᠷᠠᠭᠰᠠᠨ ᠦᠷ᠎ᠡ ᠠᠰᠢᠭ ᠢᠶᠠᠷ ᠳᠣᠣᠷ᠎ᠠ ᠠᠰᠠᠷ | ᠪᠠᠶᠢᠰᠢᠩ ᠢ ᠠᠮᠤᠷ ᠲᠦᠪᠰᠢᠨ᠂ ᠪᠣᠬᠢᠷᠲᠤᠯ ᠦᠭᠡᠢ᠂ ᠥᠨᠳᠥᠷ ᠦᠷ᠎ᠡ ᠠᠰᠢᠭ ᠲᠠᠢ ᠠᠵᠢᠯᠯᠠᠭᠤᠯᠬᠤ ᠶᠢ | ᠠᠬᠢᠭᠤᠯᠬᠤ ᠳᠤ ᠠᠰᠢᠭᠲᠠᠢ ᠪᠠᠶᠢᠵᠤ᠂ ᠦᠯᠡᠳᠡᠭᠡᠯ ᠡᠳ᠋ ᠬᠥᠷᠥᠩᠭᠡ ᠶᠢ ᠪᠦᠲᠦᠮᠵᠢᠲᠡᠢ ᠠᠮᠢᠳᠤᠯᠢᠭᠵᠢᠭᠤᠯᠵᠤ᠂ | ᠬᠤᠳᠠ ᠶᠢᠨ ᠴᠢᠳᠠᠪᠬᠢ ᠶᠢ ᠲᠡᠭᠦᠯᠳᠡᠷᠵᠢᠭᠦᠯᠵᠦ᠂ ᠬᠤᠳᠠ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠵᠦ᠂ | ᠪᠡᠭᠡᠵᠢᠩ ᠢ ᠳᠡᠯᠡᠬᠡᠢ ᠶᠢᠨ ᠲᠡᠷᠢᠭᠦᠨ ᠤ ᠡᠶ᠎ᠡ ᠵᠣᠬᠢᠴᠠᠩᠭᠤᠢ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠳᠠ | ᠪᠣᠯᠭᠠᠨ ᠪᠦᠲᠦᠭᠡᠨ ᠪᠠᠶᠢᠭᠤᠯᠬᠤ ᠶᠢ ᠠᠬᠢᠭᠤᠯᠤᠨ᠎ᠠ᠃ |