ᠡᠯ᠎ᠡ ᠬᠢᠴᠢᠶᠡᠯ ᠲᠥᠷᠥᠯ ᠤᠨ ᠰᠤᠷᠤᠯᠴᠠᠬᠤ ᠠᠷᠭ᠎ᠠ ᠶᠢᠨ ᠵᠢᠯᠤᠭᠤᠳᠬᠤ ᠬᠢᠴᠢᠶᠡᠯ ᠢ ᠨᠡᠶᠢᠲᠡᠯᠡᠪᠡ
ᠨᠡᠶᠢᠲᠡᠯᠡᠭᠰᠡᠨ ᠴᠠᠭ᠄
2025/2/11
       2025 ᠣᠨ ᠳᠤ᠂ ᠮᠠᠨ ᠤ ᠣᠷᠣᠨ ᠠᠩᠬ᠎ᠠ ᠤᠳᠠᠭ᠎ᠠ ᠰᠢᠨ᠎ᠡ ᠮᠠᠶ᠋ᠢᠭ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢ ᠬᠡᠷᠡᠭᠵᠢᠭᠦᠯᠬᠦ ᠪᠣᠯᠣᠨ᠎ᠠ᠃ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠰᠤᠷᠤᠬᠴᠢᠳ ᠤᠨ ᠰᠢᠯᠭᠠᠯᠲᠠ ᠳᠤ ᠤᠷᠤᠭᠰᠢᠲᠠᠢ ᠪᠡᠯᠡᠳᠬᠡᠬᠦ ᠳᠤ ᠬᠠᠪᠰᠤᠷᠤᠮᠵᠢ ᠪᠤᠯᠭᠠᠬᠤ ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠠᠴᠠ ᠲᠦᠷᠦᠭᠦᠬᠡᠨ ᠪᠦᠭᠦ ᠣᠷᠣᠨ ᠤ ᠰᠢᠯᠢᠳᠡᠭ ᠪᠠᠭᠰᠢ ᠨᠠᠷ ᠢ ᠵᠣᠬᠢᠶᠠᠨ ᠪᠠᠶᠢᠭᠤᠯᠵᠤ ᠪᠠᠶᠢᠭᠠᠳ ᠡᠯ᠎ᠡ ᠬᠢᠴᠢᠶᠡᠯ ᠲᠥᠷᠥᠯ ᠤᠨ ᠰᠤᠷᠤᠯᠴᠠᠬᠤ ᠠᠷᠭ᠎ᠠ ᠶᠢᠨ ᠵᠢᠯᠤᠭᠤᠳᠬᠤ ᠬᠢᠴᠢᠶᠡᠯ ᠪᠠ ᠲᠥᠯᠦᠪᠵᠢᠭᠦᠯᠭᠡ ᠶᠢᠨ ᠬᠢᠴᠢᠶᠡᠯ ᠢ ᠰᠢᠩᠭᠡᠬᠡᠨ ᠦᠢᠯᠡᠳᠦᠭᠰᠡᠨ ᠪᠥᠭᠡᠳ ᠥᠪᠥᠷ ᠮᠣᠩᠭᠤᠯ ᠤᠨ ᠳᠤᠮᠳᠠᠳᠤ ᠪᠠᠭ᠎ᠠ ᠰᠤᠷᠭᠠᠭᠤᠯᠢ ᠶᠢᠨ ᠣᠶᠤᠨᠴᠢ ᠰᠤᠷᠭᠠᠨ ᠬᠥᠮᠦᠵᠢᠯ ᠤᠨ ᠲᠠᠪᠴᠠᠩ᠂ ︽ᠥᠪᠥᠷ ᠮᠣᠩᠭᠤᠯ ᠤᠨ ᠵᠢᠭᠠᠬᠤ ᠶᠢ ᠰᠤᠳᠤᠯᠬᠤ︾ ᠵᠢᠷᠭᠢᠶ᠎ᠡ ᠶᠢᠨ ᠲᠠᠪᠴᠠᠩ ᠳᠤ ᠨᠡᠶᠢᠲᠡᠯᠡᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠰᠤᠷᠤᠯᠴᠠᠬᠤ ᠠᠷᠭ᠎ᠠ ᠶᠢᠨ ᠵᠢᠯᠣᠭᠤᠳᠤᠯᠭ᠎ᠠ ᠶᠢᠨ ᠬᠢᠴᠢᠶᠡᠯ ᠤᠨ ᠠᠭᠤᠯᠭ᠎ᠠ ᠨᠢ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ 9 ᠲᠥᠷᠥᠯ ᠤᠨ ᠬᠢᠴᠢᠶᠡᠯ ᠪᠠ ᠰᠢᠯᠭᠠᠯᠲᠠ ᠠᠴᠠ ᠡᠮᠦᠨᠡᠬᠢ ᠰᠡᠳᠬᠢᠴᠡ ᠶᠢᠨ ᠵᠢᠯᠣᠭᠤᠳᠤᠯᠭ᠎ᠠ ᠶᠢ ᠬᠠᠮᠤᠷᠴᠤ᠂ ᠰᠢᠨᠵᠢᠯᠡᠭᠡᠨ ᠤ ᠮᠡᠳᠡᠯᠭᠡ  ᠶᠢᠨ ᠰᠢᠰᠲ᠋ᠧᠮ ᠪᠠ ᠰᠢᠯᠭᠠᠭᠤᠯᠬᠤ ᠴᠡᠭ ᠢ ᠦᠨᠳᠦᠰᠦᠯᠡᠨ᠂ ᠪᠣᠳᠠᠲᠠᠢ ᠰᠤᠷᠤᠯᠴᠠᠬᠤ ᠠᠯᠬᠤᠮ ᠳᠠᠷᠠᠭ᠎ᠠ ᠪᠠ ᠠᠷᠭ᠎ᠠ ᠶᠢ ᠬᠠᠩᠭᠠᠵᠤ᠂ ᠰᠤᠷᠤᠬᠴᠢᠳ ᠤᠨ ᠰᠠᠶᠢᠨ ᠰᠠᠶᠢᠬᠠᠨ ᠰᠤᠷᠤᠯᠴᠠᠬᠤ ᠳᠠᠳᠬᠠᠯ ᠪᠠ ᠶᠡᠷᠦᠩᠬᠡᠶᠢᠯᠡᠭᠰᠡᠨ ᠰᠤᠷᠤᠯᠴᠠᠬᠤ ᠴᠢᠳᠠᠪᠤᠷᠢ ᠶᠢ ᠬᠥᠮᠥᠵᠢᠭᠦᠯᠬᠦ ᠶᠢᠨ ᠳᠠᠭᠠᠤ᠂ ᠰᠡᠳᠬᠢᠴᠡ ᠶᠢᠨ ᠵᠣᠬᠢᠴᠠᠭᠤᠯᠭ᠎ᠠ ᠶᠢᠨ ᠵᠢᠯᠣᠭᠤᠳᠤᠯᠭ᠎ᠠ ᠬᠠᠩᠭᠠᠵᠤ᠂ ᠰᠤᠷᠤᠬᠴᠢᠳ ᠤᠨ ᠰᠤᠷᠤᠯᠴᠠᠬᠤ ᠰᠡᠳᠬᠢᠴᠡ ᠶᠢᠨ ᠡᠷᠡᠭᠦᠯ ᠲᠣᠭᠲᠠᠭᠤᠨ ᠪᠠᠶᠢᠬᠤ ᠶᠢ ᠪᠠᠲᠤᠯᠠᠵᠤ᠂ ᠲᠥᠯᠦᠪᠵᠢᠭᠦᠯᠭᠡ ᠶᠢᠨ ᠬᠢᠴᠢᠶᠡᠯ ᠨᠢ ᠥᠪᠡᠷᠲᠡᠭᠡᠨ ᠵᠠᠰᠠᠬᠤ ᠣᠷᠣᠨ ᠤ ᠰᠢᠨ᠎ᠡ ᠮᠠᠶ᠋ᠢᠭ ᠤᠨ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠵᠠᠭᠪᠤᠷ ᠲᠠᠢ ᠤᠶᠠᠯᠳᠤᠭᠤᠯᠤᠨ᠂ ᠰᠤᠷᠤᠬᠴᠢᠳ ᠲᠤ ᠡᠷᠡᠮᠡᠯᠵᠡᠯ ᠲᠠᠭᠯᠠᠬᠤ ᠵᠢᠯᠣᠭᠤᠳᠤᠯᠭ᠎ᠠ ᠬᠠᠩᠭᠠᠨ᠎ᠠ᠃      ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠬᠢᠮᠢ ᠶᠢᠨ ᠪᠠᠭᠰᠢ᠂ ᠭᠦᠭᠡᠬᠤᠲᠠ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠰᠤᠳᠤᠯᠭᠠᠨ ᠤ ᠲᠥᠪ ᠤᠨ ᠬᠢᠮᠢ ᠶᠢᠨ ᠵᠢᠭᠠᠨ ᠰᠤᠷᠭᠠᠯᠲᠠ ᠶᠢᠨ ᠰᠤᠳᠤᠯᠤᠭᠴᠢ ᠵᠠᠩ ᠰᠢᠨ ᠫᠢᠩ ᠲᠣᠰ ᠤᠳᠠᠭᠠᠨ ᠤ ᠬᠢᠴᠢᠶᠡᠯ ᠡᠯᠰᠡᠯᠲᠡ ᠳᠤ ᠣᠷᠣᠯᠴᠠᠪᠠ᠃ ᠲᠡᠷᠡ᠄ ︽ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠠᠴᠠ ᠡᠮᠦᠨ᠎ᠡ᠂ ᠪᠢᠳᠡ ᠰᠦᠯᠵᠢᠶᠡᠨ ᠳᠡᠭᠡᠷᠡᠬᠢ ᠡᠬᠢ ᠪᠠᠶᠠᠯᠢᠭ ᠢᠶᠠᠷ ᠳᠠᠮᠵᠢᠭᠤᠯᠤᠨ ᠰᠢᠯᠭᠠᠭᠤᠯᠤᠭᠴᠢᠳ  ᠲᠤ ᠬᠦᠴᠦᠨ ᠣᠯᠭᠤᠵᠤ ᠦᠷ᠎ᠡ ᠠᠰᠢᠭ ᠢ ᠨᠢ ᠨᠡᠮᠡᠭᠳᠡᠭᠦᠯᠬᠦ ᠶᠢ ᠬᠦᠰᠡᠵᠦ ᠪᠠᠶᠢᠨ᠎ᠠ᠂ ᠬᠢᠴᠢᠶᠡᠯ ᠤᠨ ᠠᠭᠤᠯᠭ᠎ᠠ ᠪᠠ ᠴᠢᠭᠯᠡᠯ ᠤᠨ ᠲᠠᠯ᠎ᠠ ᠪᠠᠷ᠂ ᠪᠢᠳᠡ ᠭᠤᠣᠯᠳᠠᠯᠭ᠎ᠠ ᠶᠢ ᠨᠢ ᠠᠳᠬᠤᠵᠤ᠂ ᠣᠶᠢᠷ᠎ᠠ ᠶᠢᠨ ᠵᠢᠯ ᠤᠳ ᠤᠨ ᠰᠢᠯᠭᠠᠯᠲᠠ ᠶᠢᠨ ᠰᠡᠳᠦᠪ ᠢ ᠰᠤᠳᠤᠯᠤᠨ ᠡᠮᠬᠢᠯᠡᠵᠦ᠂ ᠰᠤᠷᠤᠬᠴᠢᠳ ᠤᠨ ᠰᠢᠯᠭᠠᠯᠲᠠ ᠳᠤ ᠪᠦᠲᠦᠮᠵᠢᠲᠡᠶ ᠪᠠᠷ ᠪᠡᠯᠡᠳᠬᠡᠬᠦ ᠶᠢ ᠵᠢᠭᠠᠨ ᠵᠢᠯᠣᠭᠤᠳᠪᠠ︾ ᠭᠡᠵᠡᠢ᠃      ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠤᠨ ᠳᠡᠳ᠋ ᠡᠷᠭᠢᠯᠡᠭᠴᠢ ᠵᠣᠣ ᠪᠢᠨ ᠲᠠᠨᠢᠯᠴᠠᠭᠤᠯᠬᠤ ᠳᠠᠭᠠᠨ᠄ ︽ᠰᠤᠷᠤᠯᠴᠠᠬᠤ ᠠᠷᠭ᠎ᠠ ᠨᠢ ᠰᠤᠷᠤᠬᠴᠢᠳ ᠤᠨ ᠰᠤᠷᠤᠯᠴᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠭᠦ ᠳᠤ ᠲᠤᠶᠢᠯ ᠤᠨ ᠴᠢᠬᠤᠯᠠ ᠪᠠᠶᠢᠳᠠᠭ᠂ ᠢᠯᠠᠩᠭᠤᠶ᠎ᠠ ᠰᠢᠨ᠎ᠡ ᠬᠢᠴᠢᠶᠡᠯ ᠢ ᠬᠡᠷᠡᠭᠵᠢᠭᠦᠯᠬᠦ ᠱᠠᠭᠠᠷᠳᠠᠯᠭ᠎ᠠ ᠳᠤ᠂ ᠵᠥᠪ ᠣᠨᠣᠪᠴᠢᠲᠠᠶ ᠰᠤᠷᠤᠯᠴᠠᠬᠤ ᠠᠷᠭ᠎ᠠ ᠶᠢ ᠡᠵᠡᠮᠰᠢᠬᠦ ᠨᠢ ᠲᠤᠶᠢᠯ ᠤᠨ ᠴᠢᠬᠤᠯᠠ᠃ ᠡᠨᠡ ᠤᠳᠠᠭ᠎ᠠ ᠪᠢᠳᠡ 9 ᠰᠢᠨᠵᠢᠯᠡᠭᠡᠨ ᠤ ᠰᠠᠯᠠᠭ᠎ᠠ ᠶᠢᠨ ᠰᠤᠷᠤᠯᠴᠠᠬᠤ ᠠᠷᠭ᠎ᠠ ᠶᠢᠨ ᠵᠢᠭᠠᠨ ᠵᠢᠯᠤᠭᠤᠳᠬᠤ ᠬᠢᠴᠢᠶᠡᠯ ᠪᠣᠯᠣᠨ ᠲᠥᠯᠦᠪᠵᠢᠭᠦᠯᠭᠡ ᠶᠢᠨ ᠬᠢᠴᠢᠶᠡᠯ ᠢ ᠰᠢᠩᠭᠡᠬᠡᠨ ᠦᠢᠯᠡᠳᠴᠦ᠂ ᠡᠯᠪᠡᠭ ᠪᠠᠶᠠᠯᠢᠭ ᠰᠢᠨᠵᠢᠯᠡᠭᠡᠨ ᠤ ᠰᠠᠯᠠᠭ᠎ᠠ ᠶᠢᠨ ᠵᠢᠭᠠᠨ ᠰᠤᠷᠭᠠᠯᠲᠠ ᠶᠢᠨ ᠲᠤᠷᠰᠢᠯᠭ᠎ᠠ ᠪᠣᠯᠣᠨ ᠲᠤᠰᠬᠠᠢ ᠮᠡᠷᠭᠡᠵᠢᠯ ᠤᠨ ᠮᠡᠳᠡᠯᠭᠡ ᠲᠠᠢ ᠪᠠᠭᠰᠢ᠂ ᠵᠢᠭᠠᠨ ᠰᠤᠳᠤᠯᠤᠭᠴᠢ ᠵᠢᠴᠢ ᠪᠦᠭᠦ ᠣᠷᠣᠨ ᠤ ᠰᠤᠷᠭᠠᠨ ᠬᠥᠮᠦᠵᠢᠯ ᠤᠨ ᠰᠡᠳᠬᠢᠴᠡ ᠶᠢᠨ ᠨᠡᠷᠡᠳᠦ ᠲᠤᠰᠬᠠᠢ ᠮᠡᠷᠭᠡᠵᠢᠯᠲᠡᠨ ᠶᠢ ᠤᠷᠢᠵᠤ ᠣᠷᠣᠯᠴᠠᠭᠤᠯᠪᠠ᠃ ᠬᠢᠴᠢᠶᠡᠯ ᠢ ᠪᠢᠴᠢᠯ ᠬᠢᠴᠢᠶᠡᠯ ᠤᠨ ᠭᠡᠯᠪᠡᠷᠢ ᠪᠠᠷ ᠰᠢᠩᠭᠡᠬᠡᠨ ᠦᠢᠯᠡᠳᠴᠦ᠂ ᠣᠳᠣ ᠶᠠᠭ ᠰᠦᠯᠵᠢᠶᠡᠨ ᠳᠤ ᠭᠠᠷᠭᠠᠵᠤ ᠪᠠᠶᠢᠨ᠎ᠠ᠂ ᠰᠤᠷᠤᠬᠴᠢᠳ ᠥᠪᠡᠷ ᠤᠨ ᠪᠣᠳᠠᠲᠤ ᠬᠡᠷᠡᠭᠴᠡᠭᠡ ᠪᠠᠨ ᠦᠨᠳᠦᠰᠦᠯᠡᠨ ᠭᠥᠯᠢᠶᠡᠨ ᠠᠪᠴᠤ ᠦᠵᠡᠵᠦ ᠪᠣᠯᠣᠨ᠎ᠠ︾ ᠭᠡᠵᠡᠢ᠃      ᠲᠠᠨᠢᠯᠴᠠᠭᠤᠯᠤᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠵᠢᠭᠠᠬᠤ ᠶᠢ ᠰᠤᠳᠤᠯᠬᠤ ᠲᠠᠰᠤᠭ ᠵᠠᠯᠭᠠᠭᠠᠳ ᠪᠠᠰᠠ ᠪᠤᠰᠤᠳ ᠬᠢᠴᠢᠶᠡᠯ ᠲᠥᠷᠥᠯ᠂ ᠪᠤᠰᠤᠳ ᠰᠤᠷᠤᠯᠭ᠎ᠠ ᠶᠢᠨ ᠱᠠᠲᠤᠨ ᠤ ᠬᠢᠴᠢᠶᠡᠯ ᠢ ᠰᠢᠩᠭᠡᠬᠡᠨ ᠦᠢᠯᠡᠳᠴᠦ᠂ ᠨᠠᠩ ᠣᠯᠠᠨ ᠰᠣᠷᠣᠬᠴᠢ ᠶᠢ ᠬᠠᠪᠰᠤᠷᠤᠨ ᠵᠥᠪ ᠰᠤᠷᠤᠯᠴᠠᠬᠤ ᠠᠷᠭ᠎ᠠ ᠶᠢ ᠡᠵᠡᠮᠰᠢᠭᠦᠯᠵᠦ᠂ ᠰᠤᠷᠤᠯᠴᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠪᠣᠯᠣᠨ᠎ᠠ᠃      ᠢᠷᠡᠯᠲᠡ᠄ ᠲᠠᠯ᠎ᠠ ᠨᠤᠲᠤᠭ ᠤᠨ ᠡᠭᠦᠯᠡ ᠰᠢᠯᠵᠢᠶ᠎ᠡ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号