| | | | ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠪᠦᠭᠦ | ᠣᠷᠣᠨ ᠤ ᠰᠠᠭᠤᠷᠢ ᠰᠤᠷᠭᠠᠨ ᠬᠥᠮᠦᠵᠢᠯ ᠤᠨ ᠰᠢᠯᠢᠳᠡᠭ ᠢ ᠥᠷᠭᠡᠳᠬᠡᠨ ᠶᠠᠰᠤ ᠴᠢᠨᠠᠷ ᠢ ᠳᠡᠭᠡᠭᠰᠢᠯᠡᠭᠦᠯᠭᠦ ᠶᠢ | ᠳᠡᠮᠵᠢᠬᠦ ᠶᠢᠨ ᠲᠥᠯᠥᠭᠡ᠂ 2024 ᠣᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ ᠲᠥᠪ ᠤᠨ | ᠡᠳ᠋ ᠤᠨ ᠵᠠᠰᠠᠭ ᠠᠴᠠ ᠤᠷᠢᠳᠴᠢᠯᠠᠨ ᠪᠠᠭᠤᠯᠭᠠᠭᠰᠠᠨ ᠰᠠᠭᠤᠷᠢ ᠰᠤᠷᠭᠠᠨ ᠬᠥᠮᠦᠵᠢᠯ ᠤᠨ ᠬᠠᠮᠢᠶ᠎ᠠ ᠪᠦᠬᠦᠢ | ᠰᠢᠯᠵᠢᠭᠦᠯᠦᠨ ᠥᠭᠬᠦ ᠪᠡᠯᠡ ᠮᠥᠩᠭᠦ ᠶᠢ 53.9 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠳᠡᠭᠡᠷ᠎ᠡ ᠵᠢᠯ ᠤᠨ | ᠠᠳᠠᠯᠢ ᠬᠤᠭᠤᠴᠠᠭᠠᠨ ᠤ ᠬᠢ ᠠᠴᠠ 5.05% ᠨᠡᠮᠡᠭᠳᠡᠵᠡᠢ᠃ | | | | | ᠳᠡᠭᠡᠷ᠎ᠡ ᠳᠤᠷᠠᠳᠤᠭᠰᠠᠨ ᠪᠡᠯᠡ ᠮᠥᠩᠭᠦ ᠶᠢ ᠳᠣᠣᠷᠠᠬᠢ ᠬᠡᠳᠦᠨ ᠲᠠᠯ᠎ᠠ ᠳᠤ ᠪᠣᠳᠠᠲᠠᠢ ᠬᠡᠷᠡᠭᠯᠡᠪᠡ᠄ ᠠᠯᠪᠠᠨ ᠠᠴᠠ | ᠡᠷᠭᠢᠯᠡᠭᠰᠡᠨ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠠᠶᠢᠭᠤᠯᠬᠤ ᠪᠠ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ | ᠳᠡᠮᠵᠢᠵᠦ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ | ᠬᠥᠮᠦᠵᠢᠯ ᠤᠨ ᠡᠬᠢ ᠪᠠᠶᠠᠯᠢᠭ ᠤᠨ ᠳᠤᠲᠠᠭᠤᠳᠠᠯ ᠢ ᠤᠯᠠᠮ ᠨᠢᠭᠡ ᠠᠯᠬᠤᠮ ᠨᠥᠬᠦᠪᠦᠷᠢᠯᠡᠪᠡ᠃ ︽ᠬᠤᠶᠠᠷ ᠢ | ᠬᠡᠯᠲᠦᠷᠢᠭᠦᠯᠵᠦ ᠬᠤᠶᠠᠷ ᠢ ᠨᠥᠬᠦᠪᠦᠷᠢᠯᠡᠬᠦ︾ ︵ᠬᠤᠲᠠ ᠬᠥᠳᠡᠭᠡ ᠶᠢᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠣᠷᠣᠬᠴᠢ ᠶᠢᠨ ᠰᠤᠷᠤᠯᠭ᠎ᠠ ᠶᠢᠨ ᠰᠤᠯᠠ ᠵᠠᠷᠤᠳᠠᠯ᠂ ᠬᠢᠴᠢᠶᠡᠯ ᠤᠨ ᠪᠢᠴᠢᠭ ᠤᠨ ᠵᠠᠷᠤᠳᠠᠯ ᠪᠠ ᠪᠠᠶᠢᠷᠢ ᠳᠤ | ᠰᠠᠭᠤᠬᠤ ᠰᠣᠷᠣᠬᠴᠢ ᠶᠢᠨ ᠪᠠᠶᠢᠷᠢ ᠶᠢᠨ ᠵᠠᠷᠤᠳᠠᠯ᠂ ᠭᠡᠷ ᠪᠦᠯᠢ ᠶᠢᠨ ᠠᠮᠢᠳᠤᠷᠠᠯ ᠨᠢ ᠬᠦᠴᠢᠷᠳᠡᠯᠲᠡᠢ ᠰᠣᠷᠣᠬᠴᠢ ᠶᠢᠨ | ᠠᠮᠢᠳᠤᠷᠠᠯ ᠤᠨ ᠵᠠᠷᠤᠳᠠᠯ ᠢ ᠪᠦᠭᠦ ᠲᠠᠯ᠎ᠠ ᠪᠠᠷ ᠬᠡᠯᠲᠦᠷᠢᠭᠦᠯᠬᠦ︶ ᠪᠠ ᠰᠢᠮ᠎ᠡ ᠲᠡᠵᠢᠭᠡᠯᠲᠦ ᠢᠳᠡᠭᠡᠨ ᠤ ᠨᠥᠬᠦᠪᠦᠷᠢ ᠶᠢᠨ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠳᠡᠮᠵᠢᠵᠦ᠂ ᠮᠠᠯᠵᠢᠬᠤ ᠲᠠᠷᠢᠶᠠᠯᠠᠬᠤ ᠣᠷᠣᠨ ᠤ | ᠰᠤᠷᠭᠠᠭᠤᠯᠢ ᠶᠢᠨ ᠪᠠᠶᠢᠷᠢ ᠶᠢᠨ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠨ᠂ ᠮᠠᠯᠵᠢᠬᠤ ᠲᠠᠷᠢᠶᠠᠯᠠᠬᠤ | ᠣᠷᠣᠨ ᠤ ᠰᠤᠷᠭᠠᠭᠤᠯᠢ ᠡᠷᠭᠢᠯᠡᠭᠦ ᠦᠨᠳᠦᠰᠦᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠶᠢ ᠳᠡᠮᠵᠢᠪᠡ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠪᠠᠭᠤᠷᠠᠢ ᠭᠤᠭᠴᠤᠭ᠎ᠠ ᠳᠤ | ᠴᠢᠭᠯᠡᠭᠦᠯᠦᠨ ᠵᠢᠭᠠᠨ ᠰᠤᠷᠭᠠᠯᠲᠠ ᠶᠢᠨ ᠴᠢᠳᠠᠪᠤᠷᠢ ᠪᠠᠨ ᠳᠡᠭᠡᠭᠰᠢᠯᠡᠭᠦᠯᠭᠦ ᠶᠢ ᠳᠡᠮᠵᠢᠵᠦ᠂ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ᠰᠤᠷᠭᠠᠭᠤᠯᠢ ᠡᠷᠭᠢᠯᠡᠭᠦ ᠬᠤᠰᠢᠭᠤ ᠰᠢᠶᠠᠨ ᠤ ᠬᠡᠪᠴᠢᠶᠡᠨ ᠤ | ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠬᠤ ᠠᠰᠠᠷ ᠵᠡᠷᠭᠡ ᠶᠢ ᠰᠢᠨ᠎ᠡ ᠪᠠᠷ | ᠪᠠᠶᠢᠭᠤᠯᠬᠤ᠂ ᠥᠭᠡᠷᠡᠴᠢᠯᠡᠵᠦ ᠥᠷᠭᠡᠳᠬᠡᠨ ᠪᠠᠶᠢᠭᠤᠯᠬᠤ ᠶᠢ ᠲᠡᠮᠵᠢᠵᠤ᠂ ᠬᠤᠳᠠ ᠪᠠᠯᠭᠠᠰᠤᠨ ᠤ ᠰᠤᠷᠭᠠᠭᠤᠯᠢ ᠶᠢᠨ | ᠡᠮᠬᠢ ᠵᠢᠷᠤᠮ ᠲᠠᠢ ᠪᠠᠷ ᠰᠤᠷᠤᠬᠴᠢ ᠡᠯᠰᠡᠬᠦ ᠶᠢ ᠥᠷᠭᠡᠳᠬᠡᠬᠦ ᠶᠢ ᠳᠡᠮᠵᠢᠪᠡ᠃ | | | | ᠢᠷᠡᠯᠲᠡ᠄ ᠲᠠᠯ᠎ᠠ ᠨᠤᠲᠤᠭ ᠤᠨ ᠡᠭᠦᠯᠡ ᠰᠢᠯᠵᠢᠶ᠎ᠡ | |