| | | | 2024 ᠣᠨ ᠳᠤ᠂ ᠪᠥᠬᠦ ᠣᠷᠣᠨ ᠤ 30 ᠪᠦᠲᠦᠭᠡᠯ᠂ ᠵᠠᠭᠤᠴᠢᠯᠠᠭᠤᠷ ᠤᠨ ᠠᠭᠤᠰᠤᠯᠴᠠᠩᠭᠤᠢ ᠲᠥᠰᠥᠯ ᠤᠨ | 3 ᠵᠢᠱᠢᠶ᠎ᠡ ᠪᠠ 2 ᠪᠠᠶᠢᠭᠤᠯᠤᠮᠵᠢ ᠲᠣᠰ ᠲᠣᠰ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ ᠲᠣᠪᠴᠢᠶᠠᠨ ᠤ ᠡᠯ᠎ᠡ | ᠲᠥᠷᠥᠯ ᠤᠨ ᠰᠢᠯᠢᠳᠡᠭ ᠪᠦᠲᠦᠭᠡᠯ ᠤᠨ ᠲᠠᠨᠢᠯᠴᠠᠭᠤᠯᠤᠨ ᠲᠡᠳᠬᠦᠬᠦ ᠨᠡᠷᠡᠰ ᠲᠤ ᠰᠣᠩᠭᠤᠭᠳᠠᠵᠤ᠂ ︽99 ᠳ᠋ᠦ᠋ᠭᠡᠷ | ᠨᠣᠮᠧᠷᠲᠤ ᠵᠠᠰᠠᠮᠠᠯ ᠵᠠᠮ︾ ︽ᠵᠣᠭᠰᠣᠭᠠᠷᠠᠢ︾ ᠭᠡᠬᠦ 2 ᠪᠦᠲᠦᠭᠡᠯ ᠨᠢ ᠤᠯᠤᠰ ᠤᠨ ᠷᠠᠳᠢᠣ᠋ ᠲᠧᠯᠸᠢᠰ ᠤᠨ ᠶᠡᠷᠦᠩᠬᠡᠢ | ᠲᠣᠪᠴᠢᠶᠠᠨ ᠤ ᠲᠠᠨᠢᠯᠴᠠᠭᠤᠯᠤᠭᠰᠠᠨ ᠹᠢᠯᠢᠮ ᠳᠤ ᠠᠮᠵᠢᠯᠲᠠ ᠲᠠᠢ ᠪᠠᠷ ᠰᠣᠩᠭᠤᠭᠳᠠᠨ᠂ ᠱᠠᠩᠨᠠᠯ ᠭᠥᠷᠳᠡᠭᠰᠡᠨ ᠲᠤᠭ᠎ᠠ | ᠨᠢ ᠥᠩᠭᠡᠷᠡᠭᠰᠡᠨ ᠵᠢᠯ ᠤᠳ ᠤᠨ ᠬᠠᠮᠤᠭ ᠤᠨ ᠣᠯᠠᠨ ᠪᠣᠯᠵᠠᠢ᠃ ᠪᠦᠬᠦ ᠣᠷᠣᠨ ᠤ ᠭᠤᠷᠪᠠᠳᠤᠭᠠᠷ ᠬᠤᠭᠤᠴᠠᠭᠠᠨ ᠤ | ᠣᠬᠤᠷ ᠸᠢᠳᠢᠤ᠋ ᠪᠠ ᠪᠢᠴᠢᠯ ᠣᠬᠤᠷ ᠵᠦᠴᠦᠭᠡ ᠶᠢᠨ ᠤᠷᠤᠯᠳᠤᠭᠠᠨ ᠤ ᠪᠦᠬᠦ ᠰᠦᠯᠵᠢᠶᠡᠨ ᠳᠠᠬᠢ ᠳᠠᠮᠵᠢᠭᠳᠠᠨ | ᠲᠠᠷᠬᠠᠭᠠᠭᠳᠠᠭᠰᠠᠨ ᠬᠡᠮᠵᠢᠶ᠎ᠡ 2.8 ᠳ᠋ᠦᠩᠰᠢᠭᠤᠷ ᠤᠳᠠᠭ᠎ᠠ ᠳᠤ ᠬᠦᠷᠪᠡ᠃ ᠶᠡᠷᠦᠩᠬᠡᠶᠢᠯᠡᠭᠰᠡᠨ ᠤᠷᠠᠯᠢᠭ ᠤᠨ ᠫᠷᠣᠭ᠍ᠷᠠᠮ | ᠪᠣᠯᠬᠤ ︽ᠣᠷᠳᠣ ᠴᠠᠭᠠᠨ ᠬᠡᠷᠡᠮ︾ ︵ᠨᠢᠭᠡᠳᠦᠭᠡᠷ ᠪᠦᠯᠦᠭ︶᠂ ︽ᠠᠪᠤ ᠡᠵᠢ ᠶᠢᠨ ᠨᠤᠲᠤᠭ ᠤᠰᠤᠨ︾ ᠬᠡᠮᠡᠬᠦ | ᠲᠧᠯᠸᠢᠰ ᠵᠦᠴᠦᠭᠡ ᠨᠢ ᠲᠣᠰ ᠲᠣᠰ ︽ᠰᠢᠩ ᠭᠤᠸᠠᠩ ᠱᠠᠩᠨᠠᠯ︾ ︽ᠹᠧᠢ ᠲᠢᠶᠠᠨ ᠱᠠᠩᠨᠠᠯ︾ ᠤᠨ ᠨᠡᠷ᠎ᠡ | ᠳᠤᠷᠠᠳᠤᠭᠳᠠᠭᠰᠠᠨ ᠱᠠᠩᠨᠠᠯ ᠢ ᠭᠥᠷᠳᠡᠵᠦ᠂ ︽ᠠᠭᠤᠯᠠ ᠤᠰᠤᠨ ᠡᠰᠡᠨ ᠮᠡᠨᠳᠦ ᠪᠠᠶᠢᠭᠰᠠᠨ ᠴᠠᠭ ᠲᠤ ᠠᠯᠢᠪᠠ ᠪᠦᠬᠦᠨ | ᠠᠮᠤᠭᠤᠯᠠᠩ ᠲᠠᠶᠢᠪᠤᠩ︾ ᠬᠡᠮᠡᠬᠦ ᠨᠡᠶᠢᠲᠡ ᠶᠢᠨ ᠠᠰᠠᠷᠠᠮᠵᠢ ᠶᠢᠨ ᠵᠠᠷ ᠨᠢ ᠳᠤᠮᠳᠠᠳᠤ ᠤᠯᠤᠰ ᠤᠨ ᠣᠯᠠᠨ ᠤᠯᠤᠰ ᠤᠨ | ᠵᠠᠷ ᠮᠡᠳᠡᠭᠡᠨ ᠤ ᠴᠤᠭᠯᠠᠭᠠᠨ ᠤ ᠬᠠᠲᠤᠨ ᠭᠤᠣᠯ ᠤᠨ ᠱᠠᠩᠨᠠᠯ ᠤᠨ ᠴᠢᠬᠤᠯᠠ ᠶᠡᠭᠡ ᠭᠤᠣᠯ ᠰᠡᠳᠦᠪᠲᠦ ᠠᠯᠲᠠᠨ | ᠮᠧᠳᠠᠯ ᠢ ᠭᠥᠷᠳᠡᠪᠡ᠃ ︽ᠤᠷᠳᠤ ᠴᠠᠭᠠᠨ ᠬᠡᠷᠡᠮ︾᠂ ︽ᠬᠠᠳᠤᠨ ᠭᠤᠣᠯ ᠤᠨ ᠰᠦᠭ ᠰᠦᠨᠡᠰᠦ︾᠂ ︽ | ᠳᠤᠮᠳᠠᠳᠤ ᠶᠢᠨ ᠯᠣᠣ︾ ᠭᠡᠬᠦ ᠳᠤᠮᠳᠠᠳᠤ ᠶᠢᠨ ᠰᠣᠶᠣᠯ ᠤᠨ ᠭᠤᠷᠪᠠᠯᠠᠭᠰᠠᠨ ᠪᠦᠲᠦᠭᠡᠯ ᠨᠢ ᠲᠥᠪ ᠤᠨ ᠤᠬᠠᠭᠤᠯᠬᠤ | ᠬᠡᠯᠲᠡᠰ ᠤᠨ ︽ᠰᠢ ᠶᠢᠨ ᠫᠢᠩ ᠤᠨ ᠰᠣᠶᠣᠯ ᠤᠨ ᠦᠵᠡᠯ ᠰᠠᠨᠠᠭᠠᠨ ᠤ ᠦᠢᠯᠡᠳᠦᠯᠭᠡ ᠶᠢᠨ ᠲᠥᠰᠥᠯ ᠤᠨ | ᠵᠢᠱᠢᠶ᠎ᠡ ᠶᠢᠨ ᠰᠣᠩᠭᠤᠮᠠᠯ︾ ᠳᠤ ᠰᠣᠩᠭᠤᠭᠳᠠᠪᠠ᠃ | ︵ᠷᠠᠳᠢᠣ᠋ ᠲᠧᠯᠸᠢᠰ ᠤᠨ ᠲᠣᠪᠴᠢᠶ᠎ᠠ︶ |