ᠡᠳᠦᠷ ᠳᠤᠮᠳᠠᠴᠢ ᠪᠠᠷ 6 ᠲᠦᠮᠡᠨ ᠮᠦ ᠡᠯᠡᠰᠦ ᠶᠢ ᠵᠠᠰᠠᠪᠠ
ᠨᠡᠶᠢᠲᠡᠯᠡᠭᠰᠡᠨ ᠴᠠᠭ᠄
2025/2/11
      ᠣᠶᠢᠷ᠎ᠠ ᠳᠤ ᠬᠤᠷᠠᠯᠳᠤᠭᠤᠯᠤᠭᠰᠠᠨ ᠪᠦᠭᠦ ᠣᠷᠣᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠠᠵᠢᠯ ᠤᠨ ᠬᠤᠷᠠᠯ ᠠᠴᠠ 2024 ᠣᠨ ᠤ ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠰᠢᠨ᠎ᠡ ᠠᠮᠵᠢᠯᠲᠠ ᠪᠦᠲᠦᠮᠵᠢ ᠶᠢ ᠵᠠᠷᠯᠠᠨ ᠮᠡᠳᠡᠭᠳᠡᠪᠡ᠄ ᠪᠦᠭᠦ ᠵᠢᠯ ᠳᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ 2442 ᠲᠦᠮᠡᠨ ᠮᠦ ᠪᠡᠶᠡᠯᠡᠭᠦᠯᠵᠦ᠂ ᠪᠦᠭᠦ ᠤᠯᠤᠰ ᠤᠨ 45.8% ᠶᠢ ᠡᠵᠡᠯᠡᠪᠡ᠃ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠶᠢ 1954 ᠲᠦᠮᠡᠨ ᠮᠦ ᠪᠡᠶᠡᠯᠡᠭᠦᠯᠵᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢᠶᠠᠷ ᠡᠯᠡᠰᠦᠷᠬᠡᠭᠵᠢᠭᠰᠡᠨ 238 ᠲᠦᠮᠡᠨ ᠮᠦ ᠭᠠᠵᠠᠷ ᠰᠢᠷᠣᠢ ᠶᠢ ᠵᠠᠰᠠᠵᠤ᠂ 2727 ᠲᠦᠮᠡᠨ ᠺᠢᠯᠣᠸᠠᠲ ᠤᠨ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ ᠢᠵᠢ ᠪᠦᠷᠢᠳᠦᠭᠦᠯᠵᠦ᠂ ᠡᠳᠦᠷ ᠳᠤᠮᠳᠠᠴᠢ ᠪᠠᠷ 6 ᠲᠦᠮᠡᠨ ᠮᠦ ᠡᠯᠡᠰᠦ ᠶᠢ ᠵᠠᠰᠠᠭᠰᠠᠨ ᠣᠮᠣᠭᠰᠢᠯᠲᠠᠢ ᠠᠮᠵᠢᠯᠲᠠ ᠪᠠᠷ ᠪᠦᠭᠦ ᠤᠯᠤᠰ ᠲᠤ ᠲᠡᠷᠢᠭᠦᠯᠡᠪᠡ᠃      ᠴᠦᠯᠯᠡᠷᠭᠡᠭᠵᠢᠯ ᠪᠣᠯ ᠪᠦᠭᠦ ᠬᠥᠮᠥᠨ ᠲᠥᠷᠥᠯᠬᠢᠲᠡᠨ ᠤ ᠬᠠᠮᠲᠤ ᠶᠢᠨ ᠥᠷᠢᠰᠦᠯᠳᠦᠭᠡᠨ ᠮᠥᠨ᠂ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠪᠣᠯ ᠠᠮᠢ ᠠᠬᠤᠢ ᠶᠢᠨ ᠠᠰᠠᠭᠤᠳᠠᠯ ᠪᠤᠯᠬᠤ ᠪᠠᠷ ᠪᠠᠷᠠᠬᠤ ᠦᠭᠡᠢ᠂ ᠨᠡᠩ ᠴᠤ ᠠᠵᠤ ᠠᠬᠤᠢ ᠶᠢᠨ ᠠᠰᠠᠭᠤᠳᠠᠯ᠂ ᠠᠷᠠᠳ ᠤᠨ ᠠᠮᠢᠳᠤᠷᠠᠯ ᠤᠨ ᠠᠰᠠᠭᠤᠳᠠᠯ ᠪᠣᠯᠣᠨ᠎ᠠ᠃ ᠮᠠᠨ ᠤ ᠤᠯᠤᠰ ᠤᠨ ᠴᠦᠯᠯᠡᠷᠭᠡᠭᠵᠢᠯ ᠢ ᠵᠠᠰᠠᠬᠤ ᠭᠤᠣᠯ ᠳᠠᠶᠢᠨ ᠤ ᠲᠠᠯᠠᠪᠤᠷ ᠪᠣᠯᠤᠭᠰᠠᠨ ᠤ ᠬᠤᠪᠢ ᠳᠤ᠂ ᠤᠯᠤᠰ ᠤᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠡᠯᠡᠰᠦᠷᠬᠡᠭᠵᠢᠭᠰᠡᠨ ᠭᠠᠵᠠᠷ ᠰᠢᠷᠣᠢ ᠶᠢ ᠵᠠᠰᠠᠬᠤ ᠬᠠᠮᠤᠭ ᠤᠨ ᠶᠡᠭᠡ ᠡᠭᠦᠷᠭᠡ ᠶᠢᠨ ᠬᠡᠮᠵᠢᠶ᠎ᠡ ᠨᠢ ᠥᠪᠥᠷ ᠮᠣᠩᠭᠤᠯ ᠳᠤ ᠪᠤᠢ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠤ ᠬᠤᠶᠠᠷ ᠬᠠᠭᠠᠰ ᠨᠢ ᠥᠪᠥᠷ ᠮᠣᠩᠭᠤᠯ ᠳᠤ ᠪᠤᠢ᠃      2024 ᠣᠨ ᠳᠤ᠂ ᠥᠪᠥᠷ ᠮᠣᠩᠭᠤᠯ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂ ᠭᠤᠣᠯ ᠳᠠᠭᠠᠷᠢᠯᠲᠠ ᠶᠢ ᠡᠷᠡᠰ ᠬᠢᠵᠦ᠂ ᠭᠤᠣᠯ ᠬᠦᠴᠦᠨ ᠪᠣᠯᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠪᠦᠭᠦ ᠬᠦᠴᠦᠨ ᠢᠶᠠᠷ ᠠᠬᠢᠭᠤᠯᠵᠤ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠢ ᠤᠷᠤᠭᠰᠢᠲᠠᠢ ᠠᠬᠢᠭᠤᠯᠵᠤ᠂ ︽ᠭᠡᠷᠡᠯᠴᠢ ᠴᠡᠨᠡᠭ ᠤᠨ ᠤᠷᠳᠤ ᠴᠠᠭᠠᠨ ᠬᠡᠷᠡᠮ︾ ᠠᠩᠬ᠎ᠠ ᠠᠯᠬᠤᠮ ᠬᠡᠪᠴᠢᠶᠡᠵᠢᠵᠦ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠯᠠᠪᠳᠠᠭᠤᠨ ᠪᠠᠲᠤᠲᠠᠢ ᠠᠯᠬᠤᠮ ᠢ ᠠᠯᠬᠤᠵᠠᠢ᠃ ᠬᠥᠪᠴᠢ ᠶᠢᠨ ᠡᠯᠡᠰᠦᠨ ᠴᠦᠯ ᠳᠤ᠂ ᠳᠣᠪᠣᠷᠬᠠᠭ ᠭᠠᠵᠠᠷ ᠠᠴᠠ ᠬᠠᠲᠤᠨ ᠭᠤᠣᠯ ᠤᠨ ᠡᠷᠭᠢ ᠳᠠᠭᠠᠤ ᠨᠣᠭᠤᠭᠠᠷᠠᠭᠤᠯᠤᠯᠲᠠ ᠶᠢᠨ ᠪᠦᠰᠡ᠂ ᠨᠦᠯᠦᠮᠡᠯ ᠭᠠᠵᠠᠷ ᠤᠨ ᠬᠠᠰᠢᠯᠭ᠎ᠠ᠂ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠪᠦᠰᠡ᠂ ᠵᠠᠬ᠎ᠠ ᠶᠢᠨ ᠤᠢ ᠶᠢᠨ ︽ᠲᠦᠷᠪᠡᠨ ᠰᠡᠷᠭᠡᠶᠢᠯᠡᠯᠲᠡ ᠶᠢᠨ ᠱᠤᠭᠤᠮ︾ ᠢ ᠪᠠᠶᠢᠭᠤᠯᠪᠠ᠃ ᠬᠤᠷᠴᠢᠨ ᠤ ᠡᠯᠡᠰᠦᠷᠬᠡᠭ ᠭᠠᠵᠠᠷ ᠪᠣᠯᠣᠨ ᠬᠤᠯᠠᠨ ᠰᠢᠷᠭ᠎ᠠ ᠳᠠᠭ᠎ᠠ ᠶᠢᠨ ᠡᠯᠡᠰᠦᠷᠬᠡᠭ ᠭᠠᠵᠠᠷ ᠲᠤ︽ᠵᠠᠮ ᠢᠶᠠᠷ ᠡᠯᠡᠰᠦ ᠶᠢ ᠵᠠᠰᠠᠬᠤ︾ ᠶᠢ ᠬᠡᠷᠡᠭᠵᠢᠭᠦᠯᠵᠦ᠂ 26 ᠵᠤᠷᠪᠤᠰ ︽ᠡᠯᠡᠰᠦ ᠰᠤᠨᠳᠠᠯᠠᠭᠰᠠᠨ ᠵᠠᠰᠠᠮᠠᠯ ᠵᠠᠮ︾ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ 450 ᠺᠢᠯᠣᠮᠧᠲᠷ ᠤᠨ ᠬᠡᠪᠴᠢᠶ᠎ᠡ  ᠲᠠᠢ ᠪᠦᠲᠦᠭᠡᠨ ᠪᠠᠶᠢᠭᠤᠯᠵᠤ᠂ 85.8 ᠲᠦᠮᠡᠨ ᠮᠦ ᠡᠯᠡᠰᠦ ᠶᠢ ᠵᠠᠰᠠᠬᠤ ᠶᠢ ᠳᠠᠶᠢᠴᠢᠯᠠᠪᠠ᠃ ᠪᠠᠳᠠᠢ ᠶᠢᠨ ᠵᠢᠷᠠᠨ ᠤ ᠡᠯᠡᠰᠦ ᠪᠣᠯᠣᠨ ᠲᠡᠭᠷᠢ ᠡᠯᠡᠰᠦᠨ ᠳᠤ᠂ ᠭᠠᠨᠰᠤ ᠯᠤᠭ᠎ᠠ ᠬᠢᠯᠢ ᠠᠯᠤᠰᠯᠠᠭᠰᠠᠨ ᠭᠠᠵᠠᠷ ᠣᠷᠣᠨ ᠤ ᠴᠦᠯᠯᠡᠷᠭᠡᠭᠵᠢᠯ ᠢ ᠰᠡᠷᠭᠡᠶᠢᠯᠡᠨ ᠵᠠᠰᠠᠬᠤ ᠠᠵᠢᠯ ᠢ ᠬᠠᠮᠲᠤᠷᠠᠨ ᠥᠷᠨᠢᠭᠦᠯᠵᠦ᠂ ︽ᠲᠦᠷᠪᠡᠨ ᠶᠡᠭᠡ ᠬᠤᠷᠢᠭᠯᠠᠨ ᠴᠣᠬᠢᠬᠤ ᠰᠡᠷᠭᠡᠶᠢᠯᠡᠯᠲᠡ ᠶᠢᠨ ᠱᠤᠭᠤᠮ︾ ᠪᠠ ︽ᠡᠯᠡᠰᠦᠨ ᠴᠦᠯ ᠤᠨ ᠭᠦᠪᠡᠭᠡ ᠵᠠᠬ᠎ᠠ ᠶᠢ ᠴᠢᠳᠦᠷᠯᠡᠬᠦ ᠤᠢ ᠰᠢᠭᠤᠢ ᠨᠤᠲᠤᠭ ᠪᠡᠯᠴᠢᠭᠡᠷ ᠤᠨ ᠳᠦᠷᠪᠡᠨ ᠶᠡᠭᠡ ᠪᠦᠰᠡ︾ ᠶᠢ ᠴᠢᠷᠮᠠᠶᠢᠨ ᠪᠠᠶᠢᠭᠤᠯᠵᠤ᠂ ᠬᠤᠶᠠᠷ ᠶᠡᠭᠡ ᠡᠯᠡᠰᠦᠨ ᠴᠦᠯ ᠤᠨ ︽ᠭᠠᠷ ᠠᠳᠬᠤᠬᠤ︾ ᠶᠢ ᠬᠤᠷᠢᠭᠯᠠᠪᠠ᠃      ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠦᠷ᠎ᠡ ᠪᠠ ᠴᠢᠬᠢ ᠮᠣᠳᠣᠨ ᠤ ᠬᠠᠩᠭᠠᠯᠭ᠎ᠠ ᠶᠢ ᠪᠠᠲᠤᠯᠠᠬᠤ ᠶᠢᠨ ᠲᠥᠯᠥᠭᠡ᠂ ᠪᠦᠭᠦ ᠣᠷᠣᠨ 40 ᠪᠠᠲᠤᠯᠠᠭ᠎ᠠ ᠶᠢᠨ ᠴᠢᠨᠠᠷᠲᠠᠢ ᠴᠢᠬᠢ ᠮᠣᠳᠣᠨ ᠤ ᠬᠦᠷᠢᠶᠡᠯᠡᠩ᠂ 1.5 ᠲᠦᠮᠡᠨ ᠴᠢᠬᠢ ᠪᠣᠶᠢᠵᠢᠭᠤᠯᠬᠤ ᠰᠠᠭᠤᠷᠢᠨ ᠢ ᠪᠦᠲᠦᠭᠡᠨ ᠪᠠᠶᠢᠭᠤᠯᠵᠤ᠂ ᠴᠢᠬᠢ ᠮᠣᠳᠣᠨ ᠤ ᠪᠦᠲᠦᠴᠡ ᠶᠢᠨ ᠴᠢᠨᠠᠷᠲᠠᠢ ᠲᠤᠲᠠᠭᠳᠠᠵᠤ ᠪᠠᠶᠢᠭ᠎ᠠ ᠠᠰᠠᠭᠤᠳᠠᠯ ᠢ ᠮᠡᠳᠡᠭᠳᠡᠬᠦᠶᠢᠴᠡ ᠰᠠᠶᠢᠵᠢᠷᠠᠭᠤᠯᠪᠠ᠃ ᠣᠯᠠᠨ ᠡᠰᠢᠲᠦ ᠣᠷᠣᠭᠤᠯᠤᠯᠲᠠ᠂ ᠣᠯᠠᠨ ᠲᠠᠯ᠎ᠠ ᠶᠢᠨ ᠬᠢᠨ ᠣᠷᠤᠯᠴᠠᠬᠤ ᠰᠢᠨ᠎ᠡ ᠲᠣᠭᠲᠠᠴᠠ ᠶᠢ ᠡᠭᠦᠳᠦᠨ ᠪᠠᠶᠢᠭᠤᠯᠵᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠰᠠᠭᠤᠷᠢ ᠮᠥᠩᠭᠦᠨ ᠤ ᠨᠡᠶᠢᠭᠡᠮᠯᠢᠭ ᠢ ᠪᠠᠶᠢᠭᠤᠯᠤᠨ᠂ ᠨᠡᠶᠢᠭᠡᠮ ᠤᠨ ᠡᠯ᠎ᠡ ᠡᠲᠡᠭᠡᠳ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠳᠤ ᠣᠷᠤᠯᠴᠠᠬᠤ ᠶᠢ ᠢᠳᠡᠪᠬᠢᠲᠡᠢ ᠵᠣᠷᠢᠭᠵᠢᠭᠤᠯᠤᠨ ᠬᠥᠲᠥᠯᠥᠨ ᠵᠢᠯᠤᠭᠤᠳᠴᠤ᠂ ᠥᠪᠥᠷ ᠮᠣᠩᠭᠤᠯ ᠤᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠦᠢᠯᠡᠰ ᠢ ᠳᠡᠮᠵᠢᠬᠦ ᠨᠡᠶᠢᠯᠡᠮᠡᠯ ᠬᠦᠴᠦᠨ ᠢ ᠪᠦᠷᠢᠯᠳᠦᠭᠦᠯᠪᠡ᠃ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ᠂ ᠵᠠᠮ ᠢᠶᠠᠷ ᠡᠯᠡᠰᠦ ᠶᠢ ᠵᠠᠰᠠᠬᠤ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ᠂ ᠤᠷᠢᠳ ᠢᠶᠠᠷ ᠪᠠᠶᠢᠭᠤᠯᠵᠤ ᠳᠠᠷᠠᠭ᠎ᠠ ᠨᠢ ᠨᠥᠬᠦᠪᠦᠷᠢᠯᠡᠬᠦ ᠵᠡᠷᠭᠡ ᠰᠢᠨ᠎ᠡ ᠵᠠᠭᠪᠤᠷ ᠢ ᠰᠢᠨ᠎ᠡ ᠪᠠᠷ ᠡᠭᠦᠳᠴᠦ᠂ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠲᠤᠯᠤᠭᠠᠨ ᠵᠦᠢᠯ ᠤᠨ ᠠᠷᠭ᠎ᠠ ᠬᠡᠮᠵᠢᠶ᠎ᠡ ᠶᠢ ᠡᠩ ᠲᠡᠷᠢᠭᠦᠨ ᠳᠤ ᠨᠡᠶᠢᠲᠡᠯᠡᠨ ᠬᠡᠷᠡᠭᠵᠢᠭᠦᠯᠵᠦ᠂ ᠥᠪᠥᠷ ᠮᠣᠩᠭᠤᠯ ᠤᠨ ᠡᠯᠡᠰᠦ ᠶᠢ ᠵᠠᠰᠠᠭᠰᠠᠨ ᠨᠠᠩ ᠣᠯᠠᠨ ᠲᠤᠷᠰᠢᠯᠭ᠎ᠠ ᠶᠢ ︽ᠤᠮᠠᠷᠠᠲᠤ ᠶᠢᠨ ᠭᠤᠷᠪᠠᠨ ᠣᠷᠣᠨ︾ ᠳᠤ ᠳᠡᠯᠭᠡᠷᠡᠭᠦᠯᠵᠦ᠂ ᠳᠡᠯᠡᠬᠡᠢ ᠳ᠋ᠠᠬᠢᠨ ᠳᠤ ᠬᠠᠨᠳᠤᠭᠤᠯᠪᠠ᠃      ᠢᠷᠡᠯᠲᠡ᠄ ᠲᠠᠯ᠎ᠠ ᠨᠤᠲᠤᠭ ᠤᠨ ᠡᠭᠦᠯᠡ ᠰᠢᠯᠵᠢᠶ᠎ᠡ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号