| | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ | ᠣᠳᠣᠬᠠᠨ ᠪᠤᠯᠲᠠᠯ᠎ᠠ ᠮᠠᠨ ᠤ ᠣᠷᠣᠨ ᠡᠮ ᠤᠨ ᠵᠦᠢᠯᠡᠰ ᠤᠨ ᠬᠡᠪ ᠤᠨ ᠪᠤᠰᠤ ᠦᠨ᠎ᠡ ᠬᠠᠩᠰᠢ ᠶᠢ ᠢᠯᠭᠠᠷᠠᠭᠤᠯᠬᠤ | ᠪᠠ ᠠᠩᠬᠠᠳᠠᠭᠴᠢ ᠬᠤᠷᠣᠭᠳᠠᠯ ᠮᠠᠲ᠋ᠧᠷᠢᠶᠠᠯ ᠤᠨ ᠪᠦᠭᠦ ᠲᠥᠷᠥᠯ ᠵᠦᠢᠯ ᠤᠨ ᠦᠨ᠎ᠡ ᠬᠠᠩᠰᠢ ᠶᠢ ᠬᠤᠯᠪᠣᠯᠳᠤᠭᠤᠯᠬᠤ | ᠠᠵᠢᠯ ᠢ ᠪᠡᠶᠡᠯᠡᠭᠦᠯᠵᠦ᠂ ᠨᠡᠶᠢᠲᠡ 402 ᠡᠮ ᠤᠨ ᠵᠦᠢᠯᠡᠰ ᠤᠨ ᠦᠨ᠎ᠡ ᠶᠢ ᠳᠤᠮᠳᠠᠴᠢ ᠪᠠᠷ 20.22% | ᠪᠠᠭᠤᠷᠠᠭᠤᠯᠤᠨ᠂ 106 ᠲᠦᠮᠡᠨ ᠡᠮᠨᠡᠯᠭᠡ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠶᠢ | ᠬᠤᠯᠪᠣᠯᠳᠤᠭᠤᠯᠵᠤ᠂ ᠳᠤᠮᠳᠠᠴᠢ ᠪᠠᠷ 36.43% ᠪᠠᠭᠤᠷᠠᠭᠤᠯᠤᠨ᠂ ᠡᠪᠡᠳᠴᠢᠲᠡᠨ ᠤ ᠵᠠᠷᠤᠳᠠᠯ ᠤᠨ ᠳᠠᠷᠤᠭᠠᠰᠤ ᠶᠢ | ᠤᠯᠠᠮ ᠨᠢᠭᠡ ᠠᠯᠬᠤᠮ ᠬᠥᠩᠭᠡᠷᠡᠭᠦᠯᠪᠡ᠃ | | | ᠣᠶᠢᠯᠠᠭᠠᠭᠰᠠᠨ ᠢᠶᠠᠷ᠂ 2024 ᠣᠨ ᠤ 11 ᠰᠠᠷ᠎ᠠ ᠠᠴᠠ 12 ᠰᠠᠷ᠎ᠠ ᠪᠤᠯᠲᠠᠯ᠎ᠠ᠂ ᠮᠠᠨ ᠤ ᠣᠷᠣᠨ ᠠᠵᠤ | ᠠᠬᠤᠶᠢᠯᠠᠯ ᠤᠨ ᠭᠤᠥᠯᠴᠢ ᠪᠤᠰᠤ ᠥᠨᠳᠥᠷ ᠦᠨ᠎ᠡ ᠪᠠ ᠭᠠᠳᠠᠭᠤᠷᠴᠢᠯᠠᠯ ᠤᠨ ᠴᠢᠨᠠᠷᠲᠠᠢ ᠥᠨᠳᠥᠷ ᠦᠨ᠎ᠡ ᠶᠢ | ᠵᠠᠯᠠᠷᠠᠭᠤᠯᠬᠤ ᠶᠢ ᠱᠠᠯᠠᠪᠳᠠᠭᠤᠯᠬᠤ ᠪᠠ ᠬᠥᠲᠥᠯᠥᠨ ᠵᠢᠯᠤᠭᠤᠳᠬᠤ ᠪᠠᠷ ᠳᠠᠮᠵᠢᠭᠤᠯᠤᠨ᠂ ᠡᠮ ᠤᠨ ᠵᠦᠢᠯᠡᠰ ᠤᠨ | ᠬᠡᠪ ᠤᠨ ᠪᠤᠰᠤ ᠦᠨ᠎ᠡ ᠬᠠᠩᠰᠢ ᠶᠢ ᠢᠯᠭᠠᠷᠠᠭᠤᠯᠤᠨ ᠲᠣᠳᠣᠯᠠᠬᠤ ᠠᠵᠢᠯ ᠢ ᠥᠷᠨᠢᠭᠦᠯᠵᠦ᠂ ᠡᠮ ᠤᠨ ᠵᠦᠢᠯᠡᠰ ᠢ | ᠬᠤᠳᠠᠯᠳᠤᠨ ᠠᠪᠬᠤ ᠰᠢᠰᠲ᠋ᠧᠮ ᠤᠨ ᠦᠨ᠎ᠡ ᠬᠠᠩᠰᠢ ᠶᠢ ᠬᠢᠨᠠᠨ ᠵᠠᠳᠠᠯᠬᠤ ᠴᠢᠳᠠᠮᠵᠢ ᠳᠤ ᠲᠦᠰᠢᠭᠯᠡᠨ᠂ ᠪᠤᠰᠤᠳ | ᠮᠤᠵᠢ ᠬᠤᠲᠠ ᠶᠢᠨ ᠰᠦᠯᠵᠢᠶᠡᠨ ᠳᠤ ᠭᠠᠷᠭᠠᠭᠰᠠᠨ ᠡᠮ ᠤᠨ ᠵᠦᠢᠯᠡᠰ ᠤᠨ ᠦᠨ᠎ᠡ ᠬᠠᠩᠰᠢ ᠶᠢ ᠬᠤᠷᠢᠶᠠᠩᠭᠤᠶᠢᠯᠠᠨ | ᠨᠡᠶᠢᠲᠡᠯᠡᠵᠦ᠂ ᠡᠮ ᠡᠮᠨᠡᠯᠭᠡ ᠶᠢᠨ ᠠᠵᠤ ᠠᠬᠤᠶᠢᠯᠠᠯ ᠤᠨ ᠢᠯᠭᠠᠷᠠᠭᠤᠯᠤᠨ ᠲᠣᠳᠣᠯᠠᠬᠤ ᠶᠢ ᠱᠠᠯᠠᠪᠳᠠᠭᠤᠯᠵᠤ ᠪᠠᠶᠢᠭᠠᠳ | ᠡᠮ ᠤᠨ ᠵᠦᠢᠯᠡᠰ ᠤᠨ ᠦᠨ᠎ᠡ ᠶᠢ ᠪᠠᠭᠤᠷᠠᠭᠤᠯᠬᠤ ᠶᠢ ᠪᠡᠶᠡᠯᠡᠭᠦᠯᠪᠡ᠃ ᠭᠡᠷ᠎ᠡ ᠪᠠᠨ ᠭᠦᠢᠴᠡᠳᠬᠡᠬᠦ ᠶᠢ ᠲᠡᠪᠴᠢᠭᠰᠡᠨ | ᠪᠠᠶᠢᠪᠠᠯ᠂ ᠰᠦᠯᠵᠢᠶᠡᠨ ᠳᠤ ᠭᠠᠷᠭᠠᠬᠤ ᠶᠢ ᠲᠦᠷ ᠵᠣᠭᠰᠤᠭᠠᠬᠤ᠂ ᠬᠤᠳᠠᠯᠳᠤᠨ ᠠᠪᠬᠤ ᠢᠲᠡᠭᠡᠮᠵᠢ ᠶᠢᠨ | ᠦᠨᠡᠯᠡᠯᠲᠡ ᠳᠤ ᠣᠷᠣᠭᠤᠯᠬᠤ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠠᠵᠤ ᠠᠬᠤᠶᠢᠯᠠᠯ ᠤᠨ ᠴᠡᠭᠴᠡᠯᠡᠨ | ᠰᠠᠶᠢᠵᠢᠷᠠᠭᠤᠯᠬᠤ ᠶᠢ ᠠᠬᠢᠭᠤᠯᠵᠤ᠂ ᠦᠨ᠎ᠡ ᠬᠠᠩᠰᠢ ᠶᠢᠨ ᠲᠥᠪ ᠭᠤᠥᠯᠴᠢ ᠦᠨᠡᠨᠴᠢ ᠢᠲᠡᠭᠡᠮᠵᠢ ᠲᠠᠢ ᠪᠠᠶᠢᠬᠤ ᠶᠢ | ᠬᠠᠮᠠᠭᠠᠯᠠᠪᠠ᠃ ᠡᠭᠦᠨ ᠤ ᠬᠠᠮᠲᠤ 2025 ᠣᠨ ᠤ 1 ᠰᠠᠷ᠎ᠠ ᠶᠢᠨ 1 ᠤ ᠡᠳᠦᠷ ᠠᠴᠠ ᠡᠬᠢᠯᠡᠨ᠂ ᠮᠠᠨ ᠤ ᠣᠷᠣᠨ | ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠪᠠᠶᠢᠩᠭᠤᠵᠢᠭᠤᠯᠤᠨ ᠬᠤᠯᠪᠣᠯᠳᠤᠭᠤᠯᠬᠤ | ᠠᠵᠢᠯ ᠢ ᠰᠢᠨ᠎ᠡ ᠪᠠᠷ ᠥᠷᠨᠢᠭᠦᠯᠵᠦ᠂ ᠡᠮ ᠡᠮᠨᠡᠯᠭᠡ ᠶᠢᠨ ᠠᠵᠤ ᠠᠬᠤᠶᠢᠯᠠᠯ ᠢ ᠪᠤᠰᠤᠳ ᠮᠤᠵᠢ ᠶᠢᠨ ᠱᠠᠲᠤᠨ ᠤ | ᠰᠦᠯᠵᠢᠶᠡᠨ ᠳᠤ ᠭᠠᠷᠭᠠᠭᠰᠠᠨ ᠦᠨ᠎ᠡ ᠲᠠᠢ ᠰᠠᠷ᠎ᠠ ᠰᠠᠷ᠎ᠠ ᠪᠠᠷ ᠬᠤᠯᠪᠣᠯᠳᠤᠭᠤᠯᠵᠤ᠂ ᠡᠮ ᠡᠮᠨᠡᠯᠭᠡ ᠶᠢᠨ ᠠᠵᠤ | ᠠᠬᠤᠶᠢᠯᠠᠯ ᠠᠮᠠᠯᠠᠯᠲᠠ ᠪᠠᠨ ᠭᠦᠢᠴᠡᠳᠬᠡᠬᠦ ᠪᠠᠷ ᠳᠡᠮᠵᠢᠨ᠂ ᠮᠤᠵᠢ ᠶᠢᠨ ᠱᠠᠲᠤᠨ ᠤ ᠰᠦᠯᠵᠢᠶᠡᠨ ᠳᠤ ᠭᠠᠷᠭᠠᠭᠰᠠᠨ | ᠬᠢᠮᠳᠠ ᠦᠨ᠎ᠡ ᠲᠠᠢ ᠬᠠᠷᠭᠤᠭᠤᠯᠵᠤ᠂ ᠬᠤᠯᠪᠣᠯᠳᠤᠭᠤᠯᠤᠨ ᠦᠨ᠎ᠡ ᠪᠠᠨ ᠪᠠᠭᠤᠷᠠᠭᠤᠯᠬᠤ ᠪᠠᠷ ᠰᠠᠨᠠᠭᠠᠴᠢᠯᠠᠭ᠎ᠠ | ᠠᠴᠠ ᠪᠠᠨ ᠭᠤᠶᠤᠴᠢᠯᠠᠬᠤ ᠶᠢ ᠱᠠᠭᠠᠷᠳᠠᠪᠠ᠃ | | | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ | ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠮᠠᠨ ᠤ ᠣᠷᠣᠨ ᠡᠮ ᠤᠨ ᠵᠦᠢᠯᠡᠰ ᠤᠨ ᠦᠨ᠎ᠡ ᠬᠠᠩᠰᠢ ᠶᠢ | ᠢᠯᠭᠠᠷᠠᠭᠤᠯᠬᠤ ᠪᠠ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠬᠤᠯᠪᠣᠯᠳᠤᠭᠤᠯᠬᠤ | ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠦᠨ᠎ᠡ ᠬᠠᠩᠰᠢ ᠶᠢ ᠬᠢᠨᠠᠨ ᠬᠡᠮᠵᠢᠬᠦ ᠢᠨᠵᠧᠨᠧᠷᠢᠩ ᠨᠢ ᠦᠨ᠎ᠡ | ᠬᠠᠩᠰᠢ ᠶᠢᠨ ᠪᠦᠭᠦ ᠶᠠᠪᠤᠴᠠ ᠳᠤ ᠤᠷᠢᠳᠴᠢᠯᠠᠨ ᠰᠡᠷᠡᠮᠵᠢᠯᠡᠭᠦᠯᠭᠦ ᠶᠢ ᠪᠡᠶᠡᠯᠡᠭᠦᠯᠵᠦ᠂ ᠲᠣᠭᠲᠠᠮᠠᠯ | ᠬᠤᠭᠤᠴᠠᠭ᠎ᠠ ᠲᠠᠢ ᠪᠠᠷ ᠬᠡᠪ ᠤᠨ ᠪᠤᠰᠤ ᠦᠨ᠎ᠡ ᠬᠠᠩᠰᠢ ᠶᠢ ᠵᠢᠭᠰᠠᠭᠠᠨ ᠪᠠᠶᠢᠴᠠᠭᠠᠬᠤ ᠶᠢᠨ ᠬᠠᠮᠲᠤ᠂ ᠡᠮ ᠤᠨ | ᠵᠦᠢᠯᠡᠰ ᠬᠤᠷᠣᠭᠳᠠᠯ ᠮᠠᠲ᠋ᠧᠷᠢᠶᠠᠯ ᠤᠨ ᠦᠨ᠎ᠡ ᠬᠠᠩᠰᠢ ᠶᠢ ᠬᠤᠯᠪᠣᠯᠳᠤᠭᠤᠯᠵᠤ᠂ ᠡᠮ ᠤᠨ ᠵᠦᠢᠯᠡᠰ ᠬᠤᠷᠣᠭᠳᠠᠯ | ᠮᠠᠲ᠋ᠧᠷᠢᠶᠠᠯ ᠤᠨ ᠦᠨ᠎ᠡ ᠬᠠᠩᠰᠢ ᠶᠢᠨ ᠵᠦᠢ ᠵᠣᠬᠢᠰᠲᠠᠢ ᠲᠦᠪᠰᠢᠨ ᠳᠤ ᠪᠤᠴᠠᠬᠤ ᠶᠢ ᠠᠬᠢᠭᠤᠯᠵᠤ᠂ ᠪᠦᠭᠦ | ᠤᠯᠤᠰ ᠤᠨ ᠨᠢᠭᠡᠳᠦᠯᠲᠡᠢ ᠡᠮ ᠤᠨ ᠵᠦᠢᠯᠡᠰ ᠬᠤᠷᠣᠭᠳᠠᠯ ᠮᠠᠲ᠋ᠧᠷᠢᠶᠠᠯ ᠤᠨ ᠬᠠᠮ ᠵᠠᠬ᠎ᠠ ᠳᠡᠯᠭᠡᠭᠦᠷ ᠢ ᠲᠦᠷᠭᠡᠳᠬᠡᠨ | ᠪᠤᠶ ᠪᠤᠯᠭᠠᠬᠤ ᠶᠢ ᠲᠦᠷᠭᠡᠳᠬᠡᠪᠡ᠃ | | | | | ᠢᠷᠡᠯᠲᠡ᠄ ᠲᠠᠯ᠎ᠠ ᠨᠤᠲᠤᠭ ᠤᠨ ᠡᠭᠦᠯᠡ ᠰᠢᠯᠵᠢᠶ᠎ᠡ | |