| | | | ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠯᠠᠮᠵᠢᠯᠠᠨ ᠬᠠᠮᠠᠭᠠᠯᠠᠬᠤ ᠶᠢ ᠴᠢᠩᠭᠠᠳᠬᠠᠵᠤ᠂ ᠬᠦᠴᠢᠷᠳᠡᠯ ᠳᠤ | ᠲᠤᠯᠭᠠᠷᠠᠭᠰᠠᠨ ᠬᠡᠦᠬᠡᠳ ᠤᠨ ᠭᠡᠷ ᠪᠦᠯᠢ ᠶᠢᠨ ᠬᠢᠨᠠᠨ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢᠨ | ᠲᠥᠯᠥᠭᠡ ᠡᠨᠡ ᠵᠢᠯ ᠤᠨ 1 ᠰᠠᠷ᠎ᠠ ᠳᠤ᠂ ᠭᠦᠭᠡᠬᠤᠲᠠ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ | ᠲᠥᠪ ᠠᠴᠠ ᠪᠦᠭᠦ ᠬᠤᠲᠠ ᠶᠢᠨ ᠬᠡᠪᠴᠢᠶᠡᠨ ᠳᠤ ᠪᠦᠬᠦᠯᠢ 18 ᠨᠠᠰᠤ ᠭᠦᠷᠦᠭᠡᠳᠦᠢ ᠲᠠᠩᠰᠠᠨ ᠳᠤ ᠪᠠᠶᠢᠭ᠎ᠠ | ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠪᠣᠳᠠᠲᠠᠢ ᠠᠰᠠᠷᠠᠨ ᠲᠡᠵᠢᠭᠡᠬᠦ ᠬᠥᠮᠥᠨ ᠦᠭᠡᠢ ᠬᠡᠦᠬᠡᠳ ᠵᠢᠴᠢ ᠲᠠᠷᠠᠬᠠᠢ | ᠪᠤᠲᠠᠷᠬᠠᠢ ᠰᠠᠭᠤᠷᠢᠰᠢᠵᠤ ᠪᠠᠶᠢᠭ᠎ᠠ ᠥᠨᠥᠴᠢᠨ ᠬᠡᠦᠬᠡᠳ ᠤᠨ ᠭᠡᠷ ᠪᠦᠯᠢ ᠶᠢᠨ ᠬᠢᠨᠠᠨ ᠬᠠᠮᠠᠭᠠᠯᠠᠬᠤ ᠴᠢᠳᠠᠪᠤᠷᠢ ᠳᠤ | ᠦᠨᠡᠯᠡᠨ ᠵᠢᠱᠢᠯᠲᠡ ᠬᠢᠪᠡ᠃ ᠣᠳᠣᠬᠠᠨ ᠪᠤᠯᠲᠠᠯ᠎ᠠ ᠭᠦᠭᠡᠬᠤᠲᠠ ᠨᠢᠭᠡᠨᠲᠡ 604 ᠬᠦᠴᠢᠷᠳᠡᠯ ᠳᠤ ᠲᠤᠯᠭᠠᠷᠠᠭᠰᠠᠨ | ᠬᠡᠦᠬᠡᠳ ᠤᠨ ᠭᠡᠷ ᠪᠦᠯᠢ ᠶᠢᠨ ᠬᠢᠨᠠᠨ ᠬᠠᠮᠠᠭᠠᠯᠠᠬᠤ ᠴᠢᠳᠠᠪᠤᠷᠢ ᠳᠤ ᠦᠨᠡᠯᠡᠨ ᠵᠢᠱᠢᠯᠲᠡ ᠬᠢᠵᠡᠢ᠃ | | | ᠨᠡᠶᠢᠭᠡᠮ ᠤᠨ ᠠᠵᠢᠯ ᠤᠨ ᠪᠠᠶᠢᠭᠤᠯᠤᠮᠵᠢ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠨᠠᠰᠤᠨ ᠳᠤ ᠥᠯᠥ ᠭᠦᠷᠦᠭᠰᠡᠳ ᠢ ᠬᠠᠷᠠᠭᠠᠯᠵᠠᠨ ᠬᠠᠮᠠᠭᠠᠯᠠᠬᠤ ᠲᠤᠬᠠᠢ ᠦᠨᠡᠯᠡᠨ ᠵᠢᠱᠢᠬᠦ ᠠᠷᠭ᠎ᠠ︾ ᠶᠢᠨ ᠬᠠᠮᠢᠶ᠎ᠠ | ᠪᠦᠬᠦᠢ ᠲᠣᠭᠲᠠᠭᠠᠯ ᠢ ᠦᠨᠳᠦᠰᠦᠯᠡᠨ ᠱᠠᠭᠠᠷᠳᠠᠯᠭ᠎ᠠ ᠳᠤ ᠨᠡᠶᠢᠴᠡᠭᠰᠡᠨ ᠠᠵᠢᠯᠲᠠᠨ ᠢ ᠰᠣᠩᠭᠤᠨ ᠲᠣᠮᠢᠯᠠᠵᠤ᠂ | ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ ᠪᠦᠯᠢ ᠳᠤ ᠭᠦᠨᠵᠡᠭᠡᠶᠢᠷᠡᠨ᠂ ᠬᠦᠴᠢᠷᠳᠡᠯ ᠳᠤ ᠲᠤᠯᠭᠠᠷᠠᠭᠰᠠᠨ | ᠬᠡᠦᠬᠡᠳ ᠤᠨ ᠪᠠᠶᠢᠭ᠎ᠠ ᠭᠡᠷ ᠪᠦᠯᠢ ᠶᠢᠨ ᠬᠠᠷᠠᠭᠠᠯᠵᠠᠨ ᠬᠠᠮᠠᠭᠠᠯᠠᠬᠤ ᠴᠢᠳᠠᠪᠤᠷᠢ ᠵᠢᠴᠢ ᠬᠠᠷᠠᠭᠠᠯᠵᠠᠨ ᠬᠠᠮᠠᠭᠠᠯᠠᠬᠤ | ᠶᠠᠰᠤ ᠴᠢᠨᠠᠷ ᠲᠤ ᠬᠤᠪᠢ ᠲᠣᠭᠲᠠᠭᠠᠵᠤ᠂ ᠲᠦᠭᠰᠢᠭᠦᠷᠢ ᠶᠢᠨ ᠲᠠᠰ ᠢ ᠦᠨᠡᠯᠡᠨ ᠲᠣᠭᠲᠠᠭᠠᠬᠤ ᠶᠢᠨ ᠬᠠᠮᠲᠤ ᠦᠨᠡᠯᠡᠨ | ᠵᠢᠱᠢᠭᠰᠡᠨ ᠮᠡᠳᠡᠭᠦᠯᠦᠯᠲᠡ ᠭᠠᠷᠭᠠᠵᠤ᠂ ᠨᠠᠷᠢᠯᠢᠭ ᠣᠨᠣᠴᠠᠲᠠᠢ ᠪᠠᠷ ᠦᠢᠯᠡᠴᠢᠯᠡᠬᠦ ᠳᠤ ᠦᠨᠳᠦᠰᠦᠯᠡᠯ ᠬᠠᠩᠭᠠᠵᠠᠢ᠃ | | | ᠦᠨᠡᠯᠡᠨ ᠵᠢᠱᠢᠯᠲᠡ ᠳᠤ ᠢᠯᠡᠷᠡᠭᠦᠯᠦᠭᠰᠡᠨ ᠢᠶᠠᠷ᠂ ᠬᠦᠴᠢᠷᠳᠡᠯ ᠳᠤ ᠲᠤᠯᠭᠠᠷᠠᠭᠰᠠᠨ ᠬᠡᠦᠬᠡᠳ ᠤᠨ ᠭᠡᠷ | ᠪᠦᠯᠢ ᠶᠢᠨ ᠬᠢᠨ ᠬᠢᠨᠠᠨ ᠬᠠᠮᠠᠭᠠᠯᠠᠬᠤ ᠲᠠᠯ᠎ᠠ ᠪᠠᠷ ᠮᠥᠨ ᠯᠡ ᠵᠠᠷᠢᠮ ᠨᠡᠶᠢᠳᠡᠮ ᠤᠨ ᠴᠢᠨᠠᠷᠲᠠᠢ ᠪᠡᠷᠬᠡ ᠰᠡᠳᠦᠪ ᠲᠤ | ᠲᠤᠯᠭᠠᠷᠠᠵᠤ ᠪᠠᠶᠢᠨ᠎ᠠ᠂ ᠵᠢᠱᠢᠶᠡᠯᠡᠪᠡᠯ ᠬᠢᠨᠠᠨ ᠬᠠᠮᠠᠭᠠᠯᠠᠭᠴᠢ ᠶᠢᠨ ᠰᠣᠶᠣᠯ ᠤᠨ ᠬᠡᠮᠵᠢᠶ᠎ᠡ ᠨᠡᠯᠢᠶᠡᠳ ᠳᠣᠣᠷ᠎ᠠ᠂ ᠦᠶ᠎ᠡ | ᠠᠯᠤᠰᠯᠠᠨ ᠠᠰᠠᠷᠠᠨ ᠲᠡᠵᠢᠭᠡᠬᠦ ᠪᠠᠶᠢᠳᠠᠯ ᠣᠯᠠᠨ ᠪᠠᠶᠢᠵᠤ᠂ ᠨᠠᠰᠤᠨ ᠳᠤ ᠥᠯᠥ ᠭᠦᠷᠦᠭᠰᠡᠳ ᠤᠨ ᠠᠯᠤᠰ ᠭᠡᠲᠦ ᠶᠢᠨ | ᠬᠥᠭᠵᠢᠯᠲᠡ ᠳᠤ ᠠᠰᠢᠭᠲᠠᠢ ᠪᠦᠲᠦᠮᠵᠢᠲᠡᠶ ᠬᠢᠨᠠᠨ ᠬᠠᠮᠠᠭᠠᠯᠠᠯᠲᠠ ᠶᠢ ᠬᠠᠩᠭᠠᠬᠤ ᠳᠤ ᠬᠦᠴᠢᠷᠲᠡᠢ ᠪᠠᠶᠢᠨ᠎ᠠ᠃ ᠡᠲᠡᠭᠡᠷ | ᠠᠰᠠᠭᠤᠳᠠᠯ ᠳᠤ ᠴᠢᠭᠯᠡᠭᠦᠯᠦᠨ ᠭᠦᠭᠡᠬᠤᠲᠠ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠪ ᠠᠴᠠ ᠴᠠᠭ | ᠲᠤᠬᠠᠢ ᠳᠤᠨᠢ ᠬᠢᠨᠠᠨ ᠬᠠᠮᠠᠭᠠᠯᠠᠭᠴᠢ ᠶᠢᠨ ᠲᠤᠰᠬᠠᠢ ᠮᠡᠷᠭᠡᠵᠢᠯ ᠤᠨ ᠰᠠᠨᠠᠭᠤᠯᠭ᠎ᠠ ᠪᠠ ᠵᠢᠯᠣᠭᠤᠳᠤᠯᠭ᠎ᠠ ᠬᠠᠩᠭᠠᠪᠠ᠃ | ᠣᠳᠣᠬᠠᠨ ᠳᠤ ᠲᠣᠰ ᠲᠥᠪ ᠨᠢ ᠦᠨᠡᠯᠡᠨ ᠵᠢᠱᠢᠭᠰᠡᠨ ᠦᠷ᠎ᠡ ᠳ᠋ᠦᠩ ᠢ ᠲᠥᠷᠥᠯ ᠬᠤᠪᠢᠶᠠᠨ ᠡᠮᠬᠢᠯᠡᠵᠦ᠂ ᠲᠤᠰᠬᠠᠢ | ᠮᠡᠷᠭᠡᠵᠢᠯ ᠤᠨ ᠴᠢᠳᠠᠪᠤᠷᠢ ᠲᠠᠢ ᠰᠠᠶᠢᠨ ᠳᠤᠷᠠᠴᠤᠳ ᠵᠢᠴᠢ ᠨᠡᠶᠢᠭᠡᠮ ᠤᠨ ᠡᠬᠢ ᠪᠠᠶᠠᠯᠢᠭ ᠲᠠᠢ ᠢᠳᠡᠪᠬᠢᠲᠡᠢ | ᠬᠠᠷᠢᠯᠴᠠᠵᠤ᠂ ᠠᠳᠠᠯᠢ ᠪᠤᠰᠤ ᠲᠥᠷᠥᠯ ᠭᠡᠯᠪᠡᠷᠢ ᠶᠢᠨ ᠭᠡᠷ ᠪᠦᠯᠢ ᠳᠤ ᠬᠠᠨᠳᠤᠯᠭᠠᠲᠤ ᠴᠢᠨᠠᠷᠲᠠᠢ ᠬᠠᠪᠰᠤᠷᠤᠯᠭ᠎ᠠ ᠪᠠ | ᠳᠡᠮᠵᠢᠯᠭᠡ ᠦᠵᠡᠭᠦᠯᠵᠦ ᠪᠠᠶᠢᠨ᠎ᠠ᠃ ᠡᠭᠦᠨ ᠤ ᠬᠠᠮᠲᠤ ᠭᠡᠷ ᠪᠦᠯᠢ ᠶᠢᠨ ᠬᠠᠷᠠᠭᠠᠯᠵᠠᠨ ᠬᠠᠮᠠᠭᠠᠯᠠᠵᠤ ᠬᠠᠮᠢᠶᠠᠷᠬᠤ ᠪᠠᠷ | ᠭᠤᠣᠯ ᠪᠤᠯᠭᠠᠬᠰᠠᠨ ᠬᠦᠴᠢᠷᠳᠡᠯ ᠳᠤ ᠲᠤᠯᠭᠠᠷᠠᠭᠰᠠᠨ ᠬᠡᠦᠬᠡᠳ ᠢ ᠬᠠᠮᠠᠭᠠᠯᠠᠬᠤ ᠵᠠᠭᠪᠤᠷ ᠢ ᠪᠠᠶᠢᠭᠤᠯᠵᠤ᠂ ᠬᠠᠷᠠᠭᠠᠯᠵᠠᠨ | ᠬᠠᠮᠠᠭᠠᠯᠠᠭᠴᠢ ᠶᠢᠨ ᠬᠠᠷᠠᠭᠠᠯᠵᠠᠨ ᠬᠠᠮᠠᠭᠠᠯᠠᠬᠤ ᠴᠢᠳᠠᠪᠤᠷᠢ ᠶᠢ ᠳᠡᠭᠡᠭᠰᠢᠯᠡᠭᠦᠯᠦᠨ᠂ ᠬᠦᠴᠢᠷᠳᠡᠯ ᠳᠤ ᠲᠤᠯᠭᠠᠷᠠᠭᠰᠠᠨ | ᠬᠡᠦᠬᠡᠳ ᠤᠨ ᠪᠦᠭᠦ ᠲᠠᠯ᠎ᠠ ᠶᠢᠨ ᠬᠥᠭᠵᠢᠯᠲᠡ ᠶᠢ ᠦᠨᠡᠨ ᠬᠦ ᠪᠠᠲᠤᠯᠠᠬᠤ ᠪᠣᠯᠣᠨ᠎ᠠ᠃ |