ᠮᠠᠨ ᠤ ᠣᠷᠣᠨ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠦᠨ᠎ᠡ
ᠨᠡᠶᠢᠲᠡᠯᠡᠭᠰᠡᠨ ᠴᠠᠭ᠄
2025/2/13
      ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ  ᠤ ᠲᠢᠩᠬᠢᠮ ᠠᠴᠠ ᠣᠶᠢᠯᠠᠭᠠᠭᠰᠠᠨ ᠢᠶᠠᠷ᠂ ᠮᠠᠨ ᠤ ᠣᠷᠣᠨ ᠤᠰᠤᠨ ᠤ ᠡᠬᠢ ᠪᠠᠶᠠᠯᠢᠭ ᠢ ᠠᠷᠪᠢᠯᠠᠨ ᠭᠠᠮᠨᠠᠵᠤ ᠡᠷᠴᠢᠮᠵᠢᠭᠦᠯᠦᠨ ᠠᠰᠢᠭᠯᠠᠬᠤ ᠪᠠ ᠥᠨᠳᠥᠷ ᠪᠦᠲᠦᠮᠵᠢᠲᠡᠶ ᠤᠰᠤ ᠠᠷᠪᠢᠯᠠᠬᠤ ᠲᠠᠷᠢᠶᠠᠯᠠᠩ ᠢ ᠲᠦᠷᠭᠡᠳᠬᠡᠨ ᠬᠥᠭᠵᠢᠭᠦᠯᠬᠦ ᠲᠣᠭᠤᠷᠢᠨ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ ᠳᠡᠭᠡᠭᠰᠢᠯᠡᠭᠦᠯᠭᠦ ᠣᠨ﹀ ᠤ ᠠᠵᠢᠯᠯᠠᠭ᠎ᠠ ᠶᠢᠨ ᠲᠥᠰᠥᠯ︾ ᠢ ᠨᠡᠶᠢᠲᠡᠯᠡᠵᠦ᠂ ᠲᠠᠷᠢᠶᠠᠯᠠᠩ ᠤᠨ ᠤᠰᠤ ᠠᠷᠪᠢᠯᠠᠬᠤ ᠠᠵᠢᠯᠯᠠᠭ᠎ᠠ ᠶᠢ ᠤᠯᠠᠮ ᠨᠢᠭᠡ ᠠᠯᠬᠤᠮ ᠭᠦᠨᠵᠡᠭᠡᠢ ᠬᠡᠷᠡᠭᠵᠢᠭᠦᠯᠦᠨ᠂ ᠤᠯᠤᠰ ᠤᠨ ᠴᠢᠬᠤᠯᠠ ᠮᠠᠯ  ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ ᠪᠠᠶᠢᠨ᠎ᠠ᠃      ᠣᠶᠢᠯᠠᠭᠠᠭᠰᠠᠨ ᠢᠶᠠᠷ᠂ ᠠᠵᠢᠯᠯᠠᠭ᠎ᠠ ᠶᠢᠨ ᠲᠥᠰᠥᠯ ᠢ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠪᠣᠯᠣᠨ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠬᠠᠮᠲᠤᠷᠠᠨ ᠳᠠᠷᠤᠮᠠᠯᠯᠠᠨ ᠲᠠᠷᠬᠠᠭᠠᠵᠤ᠂ ᠲᠠᠷᠢᠶᠠᠯᠠᠩ ᠤᠨ ᠤᠰᠤ ᠠᠷᠪᠢᠯᠠᠬᠤ ᠶᠢ ᠪᠦᠭᠦ ᠣᠷᠣᠨ ᠤ ᠤᠰᠤᠨ ᠤ ᠡᠬᠢ ᠪᠠᠶᠠᠯᠢᠭ ᠲᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠬᠡᠮᠵᠢᠶ᠎ᠡ ᠪᠤᠯᠭᠠᠵᠤ᠂ ᠭᠠᠵᠠᠷ ᠳᠡᠭᠡᠷᠡᠬᠢ ᠤᠰᠤᠨ ᠤ ᠤᠰᠤᠯᠠᠯᠲᠠ ᠶᠢᠨ ᠣᠷᠣᠨ ᠪᠣᠯᠣᠨ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠤᠰᠤᠯᠠᠯᠲᠠ ᠶᠢᠨ ᠣᠷᠣᠨ ᠵᠡᠷᠭᠡ ᠬᠤᠶᠠᠷ ᠶᠡᠭᠡ ᠣᠷᠣᠨ ᠪᠦᠰᠡ ᠳᠤ ᠠᠩᠬᠠᠷᠤᠯ ᠢᠶᠠᠨ ᠭᠤᠣᠯᠳᠠᠯᠭ᠎ᠠ ᠲᠠᠢ ᠲᠥᠪᠯᠡᠷᠡᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ︽ᠢᠨᠵᠧᠨᠧᠷᠢᠩ ᠤᠨ ᠤᠰᠤ ᠠᠷᠪᠢᠯᠠᠬᠤ ᠪᠠᠷ ᠭᠤᠣᠯ ᠪᠣᠯᠭᠠᠨ᠂ ᠲᠠᠷᠢᠶᠠᠯᠠᠩ ᠤᠨ ᠮᠡᠷᠭᠡᠵᠢᠯ᠂ ᠪᠦᠲᠦᠴᠡ ᠪᠠ ᠲᠠᠷᠢᠮᠠᠯ ᠤᠨ ᠡᠭᠦᠯᠳᠡᠷ ᠤᠨ ᠤᠰᠤ ᠠᠷᠪᠢᠯᠠᠬᠤ ᠶᠢ ᠢᠵᠢ ᠪᠦᠷᠢᠳᠦᠭᠦᠯᠵᠦ᠂ ᠲᠣᠭᠲᠠᠴᠠ ᠪᠠᠷ ᠤᠰᠤ ᠠᠷᠪᠢᠯᠠᠬᠤ ᠶᠢ ᠬᠥᠲᠥᠯᠥᠨ ᠳᠠᠭᠠᠭᠤᠯᠬᠤ︾ ᠶᠡᠷᠦᠩᠬᠡᠶᠢᠯᠡᠭᠰᠡᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠪᠣᠯᠣᠨ᠎ᠠ᠃      ᠠᠵᠢᠯᠯᠠᠭ᠎ᠠ ᠶᠢᠨ ᠲᠥᠰᠥᠯ ᠳᠤ᠂ ᠤᠰᠤ ᠠᠷᠪᠢᠯᠠᠬᠤ ᠢᠨᠵᠧᠨᠧᠷᠢᠩ᠂ ᠤᠰᠤ ᠠᠷᠪᠢᠯᠠᠬᠤ ᠲᠥᠬᠦᠭᠡᠷᠦᠮᠵᠢ᠂ ᠤᠰᠤ ᠠᠷᠪᠢᠯᠠᠬᠤ ᠮᠡᠷᠭᠡᠵᠢᠯ᠂ ᠤᠰᠤ ᠠᠷᠪᠢᠯᠠᠬᠤ ᠣᠶᠢᠯᠠᠭᠠᠭᠳᠠᠬᠤᠨ᠂ ᠤᠰᠤ ᠠᠷᠪᠢᠯᠠᠬᠤ ᠲᠣᠭᠲᠠᠴᠠ ᠵᠡᠷᠭᠡ 5 ᠲᠠᠯ᠎ᠠ  ᠠᠴᠠ ᠲᠠᠷᠢᠶᠠᠯᠠᠩ ᠤᠨ ᠤᠰᠤ ᠠᠷᠪᠢᠯᠠᠬᠤ ᠴᠢᠳᠠᠪᠤᠷᠢ ᠶᠢ ᠳᠡᠭᠡᠭᠰᠢᠯᠡᠭᠦᠯᠭᠦ ᠪᠣᠳᠠᠲᠠᠢ ᠠᠷᠭ᠎ᠠ ᠬᠡᠮᠵᠢᠶ᠎ᠡ ᠳᠤᠷᠠᠳᠴᠤ᠂ ᠡᠨᠡ ᠵᠢᠯ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠶᠢᠨ ᠢᠨᠵᠧᠨᠧᠷᠢᠩ ᠢ 200 ᠲᠦᠮᠡᠨ ᠮᠦ ᠠᠴᠠ ᠳᠡᠭᠡᠭᠰᠢ ᠰᠢᠨ᠎ᠡ ᠪᠠᠷ ᠪᠠᠶᠢᠭᠤᠯᠤᠨ᠂ ᠬᠤᠭᠤᠯᠠᠢ ᠪᠠᠷ ᠤᠰᠤᠯᠠᠬᠤ ᠶᠢ ᠳᠤᠰᠤᠯᠭᠠᠨ ᠤᠰᠤᠯᠠᠬᠤ ᠪᠣᠯᠭᠠᠨ ᠥᠭᠡᠷᠡᠴᠢᠯᠡᠵᠦ ᠳᠡᠰ ᠳᠡᠪᠰᠢᠭᠦᠯᠬᠦ ᠢᠨᠵᠧᠨᠧᠷᠢᠩ ᠤᠨ ᠲᠠᠯᠠᠪᠠᠶ ᠶᠢ 150 ᠲᠦᠮᠡᠨ ᠮᠦ ᠳᠤ ᠬᠦᠷᠭᠡᠵᠦ᠂ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠲᠠᠯᠠᠪᠠᠶ ᠶᠢ 271 ᠲᠦᠮᠡᠨ ᠮᠦ ᠰᠢᠨ᠎ᠡ ᠪᠠᠷ ᠨᠡᠮᠡᠭᠳᠡᠭᠦᠯᠦᠨ᠂ ᠤᠰᠤ ᠠᠷᠪᠢᠯᠠᠬᠤ ᠴᠢᠳᠠᠪᠤᠷᠢ ᠶᠢ 2.7 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠪᠦᠭᠦ ᠣᠷᠣᠨ ᠤ ᠲᠠᠷᠢᠶᠠᠯᠠᠩ ᠤᠨ ᠤᠰᠤ ᠬᠡᠷᠡᠭᠯᠡᠬᠦ ᠠᠷᠭ᠎ᠠ ᠭᠡᠯᠪᠡᠷᠢ ᠶᠢ ᠠᠷᠪᠢᠴᠢ ᠭᠠᠮᠲᠠᠢ ᠡᠷᠴᠢᠮᠵᠢᠭᠦᠯᠦᠨ ᠠᠰᠢᠭᠯᠠᠬᠤ ᠲᠡᠶᠢᠰᠢ ᠬᠤᠪᠢᠷᠠᠭᠤᠯᠬᠤ ᠶᠢ ᠪᠦᠭᠦ ᠲᠠᠯ᠎ᠠ ᠪᠠᠷ ᠠᠬᠢᠭᠤᠯᠤᠨ᠎ᠠ ᠭᠡᠵᠦ ᠲᠣᠳᠣᠷᠬᠠᠶᠢᠯᠠᠪᠠ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号