ᠠᠷᠪᠠᠨ ᠨᠢᠭᠡᠳᠦᠭᠡᠷ ᠬᠤᠭᠤᠴᠠᠭᠠᠨ ᠤ ᠪᠥᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠵᠢᠴᠢ ᠬᠥᠬᠡᠬᠤᠲᠠ ᠶᠢᠨ ᠮᠥᠰᠥ ᠴᠠᠰᠤᠨ ᠤ ᠨᠠᠶᠢᠷ ᠶᠠᠪᠤᠭᠳᠠᠪᠠ
ᠨᠡᠶᠢᠲᠡᠯᠡᠭᠰᠡᠨ ᠴᠠᠭ᠄
2025/2/14
      2 ᠳ᠋ᠤᠭᠠᠷ ᠰᠠᠷ᠎ᠠ ᠶᠢᠨ 12 ᠤ ᠡᠳᠦᠷ᠂ ᠬᠥᠬᠡᠬᠤᠲᠠ ᠶᠢᠨ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠭᠤᠣᠯᠯᠠᠨ ᠡᠷᠬᠢᠯᠡᠭᠰᠡᠨ ︽ᠪᠠᠶᠠᠷ ᠬᠥᠷ ᠲᠠᠢ ᠮᠥᠰᠥ ᠴᠠᠰᠤ · ᠢᠷᠡᠭᠡᠳᠦᠢ ᠶᠢ ᠬᠠᠮᠲᠤᠪᠠᠷ ᠴᠣᠭᠴᠠᠯᠠᠶ᠎ᠠ︾ ᠠᠷᠪᠠᠨ ᠨᠢᠭᠡᠳᠦᠭᠡᠷ ᠬᠤᠭᠤᠴᠠᠭᠠᠨ ᠤ ᠪᠦᠬᠦ ᠤᠯᠤᠰ ᠤᠨ ᠣᠯᠠᠨ ᠲᠦᠮᠡᠨᠴᠢ ᠮᠥᠰᠥ ᠴᠠᠰᠤᠨ ᠤ ᠤᠯᠠᠷᠢᠯ ᠵᠢᠴᠢ ᠬᠥᠬᠡᠬᠤᠲᠠ ᠶᠢᠨ ᠮᠥᠰᠥ ᠴᠠᠰᠤᠨ ᠤ ᠨᠠᠶᠢᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠣᠷᠢᠨ ᠤᠷᠤᠯᠳᠤᠭᠠᠨ ᠤ ᠲᠠᠯᠠᠪᠠᠢ ᠶᠢᠨ ᠮᠥᠰᠥ ᠴᠠᠰᠤᠨ ᠤ ᠴᠡᠩᠭᠡᠯ ᠤᠨ ᠬᠦᠷᠢᠶᠡᠯᠡᠩ  ᠳᠤ ᠶᠠᠪᠤᠭᠳᠠᠪᠠ᠃            ᠲᠣᠰ ᠤᠳᠠᠭᠠᠨ ᠤ ᠠᠵᠢᠯᠯᠠᠭ᠎ᠠ ᠳᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠳᠤᠷ᠎ᠠ ᠪᠠᠭ᠋ᠠᠲᠠᠳ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠢ ᠶᠢᠨ ᠠᠵᠢᠯᠲᠠᠨ ᠠᠵᠢᠯᠴᠢᠨ᠂ ᠨᠡᠶᠢᠭᠡᠮ ᠲᠣᠭᠤᠷᠢᠭ ᠤᠨ ᠣᠯᠠᠨ ᠲᠦᠮᠡᠨ ᠵᠡᠷᠭᠡ ᠬᠥᠮᠥᠰ ᠤᠷᠤᠯᠴᠠᠵᠤ᠂ ᠥᠯᠵᠡᠶᠢᠲᠦ ᠡᠳᠦᠷ ᠤᠨ ᠪᠠᠶᠠᠷ ᠤᠨ ᠡᠳᠦᠷ ᠤᠨ ᠲᠠᠰᠢᠷᠠᠮ ᠢᠶᠠᠷ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠷᠢᠳᠢ ᠰᠢᠳᠢ ᠶᠢ ᠬᠠᠮᠲᠤ ᠪᠠᠷ ᠪᠡᠶᠡᠴᠢᠯᠡᠨ ᠣᠶᠢᠯᠠᠭᠠᠵᠤ᠂ ᠪᠠᠶᠠᠷ ᠪᠠᠶᠠᠰᠬᠤᠯᠠᠩ ᠲᠠᠢ ᠪᠠᠷ ᠪᠠᠶᠠᠷ ᠤᠨ ᠡᠳᠦᠷ ᠤᠨ ᠬᠠᠪᠤ ᠴᠡᠩᠭᠡᠯ ᠢ ᠡᠳ᠋ᠯᠡᠨ᠎ᠡ᠃            ᠰᠤᠷᠪᠤᠯᠵᠢᠯᠠᠭᠴᠢ ᠮᠢᠶᠤᠤ ᠰᠢᠨ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号