ᠡᠳ᠋ ᠤᠨ ᠵᠠᠰᠠᠭ ᠤᠨ ᠲᠢᠩᠬᠢᠮ 2025 ᠣᠨ ᠳᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠨᠤᠭᠤᠳ ᠲᠤ ︽ᠬᠤᠣᠰ ᠲᠡᠷᠢᠭᠦᠨ ᠳᠡᠰ︾ ᠤᠨ ᠪᠦᠲᠦᠭᠡᠨ ᠪᠠᠶᠢᠭᠤᠯᠤᠯᠲᠠ ᠪᠠ ᠣᠨᠴᠠᠯᠢᠭᠲᠤ ᠬᠥᠭᠵᠢᠯᠲᠡ ᠶᠢ ᠬᠥᠲᠥᠯᠥᠨ ᠵᠢᠯᠤᠭᠤᠳᠬᠤ ᠪᠡᠯᠡ ᠮᠥᠩᠭᠦ ᠶᠢ 4.95 ᠳ᠋ᠦᠩᠰᠢᠭᠤᠷ ᠲᠥᠭᠦᠷᠢᠭ ᠲᠣᠬᠢᠷᠠᠭᠤᠯᠪᠠ
ᠨᠡᠶᠢᠲᠡᠯᠡᠭᠰᠡᠨ ᠴᠠᠭ᠄
2025/2/14
      ᠡᠳ᠋ ᠤᠨ ᠵᠠᠰᠠᠭ ᠤᠨ ᠲᠢᠩᠬᠢᠮ 2025 ᠣᠨ ᠳᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠶᠡᠭᠡ ᠳᠡᠭᠡᠳᠦ ᠰᠤᠷᠭᠠᠭᠤᠯᠢ ᠨᠤᠭᠤᠳ ᠲᠤ ︽ᠬᠤᠣᠰ ᠲᠡᠷᠢᠭᠦᠨ ᠳᠡᠰ︾ ᠤᠨ ᠪᠦᠲᠦᠭᠡᠨ ᠪᠠᠶᠢᠭᠤᠯᠤᠯᠲᠠ ᠪᠠ ᠣᠨᠴᠠᠯᠢᠭᠲᠤ ᠬᠥᠭᠵᠢᠯᠲᠡ ᠶᠢ ᠬᠥᠲᠥᠯᠥᠨ ᠵᠢᠯᠤᠭᠤᠳᠬᠤ ᠪᠡᠯᠡ ᠮᠥᠩᠭᠦ ᠶᠢ 4.95 ᠳ᠋ᠦᠩᠰᠢᠭᠤᠷ ᠲᠥᠭᠦᠷᠢᠭ ᠲᠣᠬᠢᠷᠠᠭᠤᠯᠪᠠ᠂ 2024 ᠣᠨ ᠤ ᠬᠢ ᠠᠴᠠ 0.82 ᠳ᠋ᠦᠩᠰᠢᠭᠤᠷ ᠲᠥᠭᠦᠷᠢᠭ ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ 20% ᠳᠤ ᠬᠥᠷᠪᠡ᠃ ᠲᠣᠰ ᠤᠳᠠᠭᠠᠨ ᠤ ᠪᠠᠭᠤᠯᠭᠠᠭᠰᠠᠨ ᠪᠡᠯᠡ ᠮᠥᠩᠭᠦ ᠶᠢ ᠭᠤᠣᠯᠳᠠᠭᠤ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ 9 ᠶᠡᠭᠡ ᠳᠡᠭᠡᠳᠦ ᠰᠤᠷᠭᠠᠭᠤᠯᠢ ᠶᠢᠨ ᠲᠡᠷᠢᠭᠦᠨ ᠳᠡᠰ ᠲᠤ ᠲᠣᠭᠠᠴᠠᠭᠳᠠᠬᠤ 35 ᠬᠢᠴᠢᠶᠡᠯ ᠲᠦᠷᠦᠯ ᠤᠨ ᠰᠢᠨᠵᠢᠯᠡᠭᠡᠨ ᠤ ᠪᠠᠶᠢᠭᠤᠯᠤᠯᠲᠠ ᠶᠢ ᠳᠡᠮᠵᠢᠬᠦ ᠳᠤ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠵᠦᠢ ᠵᠣᠬᠢᠰᠲᠠᠢ ᠪᠠᠶᠢᠷᠢ ᠲᠣᠭᠲᠠᠭᠠᠯᠲᠠ ᠪᠠ ᠣᠨᠴᠠᠯᠢᠭᠲᠤ ᠬᠥᠭᠵᠢᠯᠲᠡ ᠶᠢ ᠬᠥᠲᠥᠯᠥᠨ ᠵᠢᠯᠤᠭᠤᠳᠴᠤ᠂ ᠠᠳᠠᠯᠢ ᠪᠤᠰᠤ ᠳᠡᠰ ᠳᠠᠪᠬᠤᠷᠭ᠎ᠠ᠂ ᠠᠳᠠᠯᠢ ᠪᠤᠰᠤ ᠬᠦᠷᠢᠶ᠎ᠡ ᠴᠠᠷᠠᠭᠠᠨ ᠳᠤ ᠲᠡᠷᠢᠭᠦᠨ ᠤ ᠬᠢ ᠶᠢ ᠴᠢᠷᠮᠠᠶᠢᠨ ᠡᠭᠦᠳᠦᠨ᠎ᠡ᠃ ᠲᠤᠰᠬᠠᠢ ᠵᠦᠢᠯ ᠤᠨ ᠪᠡᠯᠡ ᠮᠥᠩᠭᠦ ᠳᠤ ᠲᠥᠷᠥᠯ ᠵᠦᠢᠯ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠵᠢᠩᠬᠢᠨᠢ ᠠᠩᠭᠢ ᠶᠢᠨ ᠶᠡᠭᠡ ᠳᠡᠭᠡᠳᠦ ᠰᠤᠷᠭᠠᠭᠤᠯᠢ ᠠᠴᠠ ᠣᠷᠣᠶᠢᠯᠠᠭᠰᠠᠨ ᠰᠢᠨ᠎ᠡ ᠶᠢ ᠡᠭᠦᠳᠬᠦ ᠴᠢᠳᠠᠪᠤᠷᠢᠲᠠᠨ ᠤ ᠬᠥᠮᠥᠵᠢᠭᠦᠯᠦᠯ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠨᠡᠶᠢᠭᠡᠮ ᠤᠨ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠭᠦᠯᠦᠯᠲᠡ᠂ ᠰᠣᠶᠣᠯ ᠢ ᠤᠯᠠᠮᠵᠢᠯᠠᠨ ᠵᠠᠯᠭᠠᠮᠵᠢᠯᠠᠬᠤ ᠰᠢᠨ᠎ᠡ ᠡᠭᠦᠳᠦᠯᠲᠡ᠂ ᠣᠯᠠᠨ ᠤᠯᠤᠰ ᠤᠨ ᠬᠠᠮᠲᠤᠷᠠᠯᠴᠠᠭ᠎ᠠ ᠰᠣᠯᠢᠯᠴᠠᠭ᠎ᠠ ᠵᠡᠷᠭᠡ ᠲᠥᠷᠥᠯ ᠵᠦᠢᠯ ᠤᠳ ᠢ ᠲᠣᠬᠢᠷᠠᠭᠤᠯᠬᠤ ᠪᠣᠯᠣᠨ᠎ᠠ᠃ ︵ᠡᠳ᠋ ᠤᠨ ᠵᠠᠰᠠᠭ ᠤᠨ ᠲᠢᠩᠬᠢᠮ︶
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号