| | | ᠠᠭᠤᠯᠠᠨ ᠶᠡᠭᠦᠷᠡᠯᠲᠡ ᠨᠢ ᠶᠡᠷᠦ ᠳᠡᠭᠡᠨ ᠭᠡᠨᠡᠳᠲᠡ ᠪᠠᠷ᠂ ᠳᠣᠭᠰᠢᠨ ᠰᠢᠷᠦᠭᠦᠨ᠂ ᠡᠪᠳᠡᠯᠡᠭᠡ ᠶᠡᠭᠡ᠂ ᠬᠦᠨᠳᠦ | ᠶᠡᠭᠡ ᠬᠥᠮᠥᠨ ᠬᠠᠷ᠎ᠠ ᠦᠬᠦᠵᠦ ᠰᠢᠷᠬᠠᠲᠤᠬᠤ ᠪᠠ ᠡᠳ᠋ ᠬᠥᠷᠥᠩᠭᠡ ᠬᠤᠬᠢᠷᠠᠬᠤ ᠪᠠᠶᠢᠳᠠᠯ ᠭᠠᠷᠳᠠᠭ᠃ ᠠᠭᠤᠯᠠᠨ | ᠶᠡᠭᠦᠷᠡᠯᠲᠡ ᠨᠢ ᠶᠠᠮᠠᠷ ᠭᠠᠵᠠᠷ ᠣᠷᠣᠨ ᠳᠤ ᠠᠮᠠᠷᠬᠠᠨ ᠡᠭᠦᠰᠳᠡᠭ ᠪᠣᠶ︖ ᠡᠭᠦᠰᠬᠦ ᠠᠴᠠ ᠡᠮᠦᠨ᠎ᠡ ᠶᠠᠮᠠᠷ ᠰᠢᠨᠵᠢ | ᠲᠡᠮᠳᠡᠭ ᠲᠠᠢ ᠪᠣᠢ︖ ᠡᠭᠦᠰᠦᠭᠰᠡᠨ ᠤ ᠳᠠᠷᠠᠭ᠎ᠠ ᠬᠡᠷᠬᠢᠨ ᠥᠪᠡᠷ ᠢ ᠪᠠᠨ ᠠᠪᠤᠷᠠᠬᠤ ᠪᠤᠶ︖ | | | ᠶᠠᠮᠠᠷ ᠭᠠᠵᠠᠷ ᠣᠷᠣᠨ ᠳᠤ ᠠᠮᠠᠷᠬᠠᠨ ᠠᠭᠤᠯᠠᠨ ᠶᠡᠭᠦᠷᠡᠯᠲᠡ ᠡᠭᠦᠰᠳᠡᠭ ᠪᠣᠢ︖ | | | ᠶᠡᠭᠦᠷᠡᠯᠲᠡ ᠨᠢ ᠶᠡᠷᠦ ᠳᠡᠭᠡᠨ ᠴᠢᠯᠠᠭᠤᠯᠢᠭ ᠨᠢ ᠨᠡᠯᠢᠶᠡᠳ ᠰᠢᠢᠷᠡᠮᠡᠭᠡᠢ᠂ ᠭᠠᠵᠠᠷ ᠤᠨ ᠪᠠᠶᠢᠴᠠ ᠲᠦᠯᠬᠢᠭᠡᠨ | ᠥᠨᠳᠥᠷ᠂ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠨᠢ ᠨᠡᠯᠢᠶᠡᠳ ᠠᠨᠠᠢ ᠭᠠᠵᠠᠷ ᠣᠷᠣᠨ ᠳᠤ ᠡᠭᠦᠰᠳᠡᠭ᠃ | ᠠᠭᠤᠯᠠᠷᠬᠠᠭ ᠭᠠᠵᠠᠷ ᠤᠨ ᠳᠣᠪᠣᠷᠬᠠᠭ ᠪᠠ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠣᠯᠠᠰᠢᠷᠠᠭᠰᠠᠨ ᠭᠠᠵᠠᠷ ᠣᠷᠣᠨ | ᠪᠣᠯ ᠴᠥᠮ ᠶᠡᠭᠦᠷᠡᠯᠲᠡ ᠣᠯᠠᠨ ᠡᠭᠦᠰᠳᠡᠭ ᠭᠠᠵᠠᠷ ᠣᠷᠣᠨ ᠪᠣᠯᠣᠨ᠎ᠠ᠃ | | | ᠶᠡᠭᠦᠷᠡᠯᠲᠡ ᠡᠭᠦᠰᠬᠡᠬᠦ ᠭᠤᠣᠯ ᠡᠯᠧᠮᠧᠨ᠋ᠲ ᠭᠡᠪᠡᠯ᠄ ᠭᠠᠵᠠᠷ ᠬᠥᠳᠡᠯᠦᠯᠲᠡ᠂ ᠪᠣᠷᠣᠭᠠᠨ ᠣᠷᠣᠬᠤ ᠪᠠ ᠴᠠᠰᠤ | ᠬᠠᠶᠢᠯᠬᠤ᠂ ᠭᠤᠣᠯ ᠮᠥᠷᠡᠨ᠂ ᠦᠶᠡᠷ ᠤᠰᠤᠳᠠᠯ ᠵᠡᠷᠭᠡ︔ ᠭᠠᠵᠠᠷ ᠤᠨ ᠭᠠᠳᠠᠷᠭᠤ ᠶᠢᠨ ᠨᠠᠯᠠᠤ ᠪᠠᠯ ᠢ ᠲᠠᠰᠤᠷᠠᠯᠲᠠ | ᠦᠭᠡᠢ ᠤᠷᠤᠰᠬᠠᠬᠤ︔ ᠬᠥᠮᠥᠨ ᠲᠥᠷᠥᠯᠬᠢᠲᠡᠨ ᠤ ᠪᠠᠷᠢᠯᠭ᠎ᠠ ᠶᠢᠨ ᠠᠵᠢᠯᠯᠠᠭ᠎ᠠ᠂ ᠵᠢᠱᠢᠶᠡᠯᠡᠪᠡᠯ ᠪᠡᠯ ᠤᠨ ᠢᠷᠤᠭᠠᠷ ᠢ | ᠮᠠᠯᠲᠠᠬᠤ᠂ ᠳᠡᠯᠪᠡᠴᠢᠬᠦ᠂ ᠦᠶᠡᠷ ᠭᠠᠳᠠᠭᠰᠢᠯᠠᠭᠤᠯᠬᠤ᠂ ᠠᠭᠤᠷᠬᠠᠢ ᠨᠡᠭᠡᠭᠡᠬᠦ ᠵᠡᠷᠭᠡ︔ ᠲᠡᠯᠡᠶ ᠶᠢᠨ ᠢᠰᠬᠡᠷᠦᠯᠲᠡ᠂ | ᠳᠣᠭᠰᠢᠨ ᠰᠠᠯᠬᠢᠨ ᠤ ᠲᠦᠯᠬᠢᠭᠡᠨ ᠨᠢ ᠪᠠᠰᠠ ᠶᠡᠭᠦᠷᠡᠯᠲᠡ ᠡᠭᠦᠰᠬᠡᠵᠦ ᠮᠡᠳᠡᠨ᠎ᠡ᠃ | | | ᠪᠦᠷᠢᠳᠬᠡᠯ ᠢ ᠦᠨᠳᠦᠰᠦᠯᠡᠪᠡᠯ᠂ 80% ᠠᠴᠠ ᠳᠡᠭᠡᠭᠰᠢᠬᠢ ᠶᠡᠭᠦᠷᠡᠯᠲᠡ᠂ ᠨᠤᠷᠠᠯᠲᠠ ᠨᠢ ᠪᠣᠷᠣᠭᠠᠨ ᠤ | ᠤᠯᠠᠷᠢᠯ ᠳᠤ ᠡᠭᠦᠰᠳᠡᠭ᠂ ᠢᠯᠠᠩᠭᠤᠶ᠎ᠠ ᠪᠣᠷᠣᠭᠠᠨ ᠣᠷᠣᠬᠤ ᠶᠠᠪᠤᠴᠠ ᠪᠤᠶᠤ ᠪᠣᠷᠣᠭᠠᠨ ᠤ ᠳᠠᠷᠠᠭᠠᠬᠢ ᠬᠡᠰᠡᠭ | ᠬᠤᠭᠤᠴᠠᠭᠠᠨ ᠳᠤ ᠬᠠᠮᠤᠭ ᠤᠨ ᠠᠮᠠᠷᠬᠠᠨ ᠠᠭᠤᠯᠠ ᠨᠤᠷᠠᠳᠠᠭ᠃ | | | ᠶᠡᠭᠦᠷᠡᠯᠲᠡ ᠶᠢᠨ ᠤᠷᠢᠲᠠᠯ ᠰᠢᠨᠵᠢ ᠨᠢ ᠶᠠᠭᠤ ᠪᠤᠢ︖ | | | ᠶᠡᠭᠦᠷᠡᠯᠲᠡ ᠠᠴᠠ ᠡᠮᠦᠨ᠎ᠡ᠂ ᠣᠯᠠᠨ ᠵᠢᠯ ᠪᠥᠭᠯᠡᠷᠡᠭᠰᠡᠨ ᠪᠤᠯᠠᠭ ᠤᠨ ᠤᠰᠤ ᠳᠠᠬᠢᠨ ᠠᠮᠢᠯᠠᠬᠤ︔ ᠪᠤᠯᠠᠭ᠂ | ᠬᠤᠳᠳᠤᠭ ᠭᠡᠨᠡᠳᠲᠡ ᠬᠠᠳᠠᠬᠤ︔ ᠬᠤᠳᠳᠤᠭ ᠤᠨ ᠤᠰᠤᠨ ᠲᠦᠪᠰᠢᠨ ᠭᠡᠨᠡᠳᠲᠡ ᠪᠠᠷ ᠬᠤᠪᠢᠷᠠᠬᠤ ᠵᠡᠷᠭᠡ ᠬᠡᠪ ᠤᠨ | ᠪᠤᠰᠤ ᠦᠵᠡᠭᠳᠡᠯ ᠢᠯᠡᠷᠡᠨ᠎ᠡ᠃ | | | ᠶᠡᠭᠦᠷᠡᠯᠲᠡ ᠠᠴᠠ ᠡᠮᠦᠨ᠎ᠡ᠂ ᠰᠢᠷᠣᠢ ᠭᠠᠵᠠᠷ ᠭᠦᠳᠦᠶᠢᠬᠦ ᠦᠵᠡᠭᠳᠡᠯ ᠭᠠᠷᠳᠠᠭ᠂ ᠡᠨᠡ ᠪᠣᠯ ᠶᠡᠭᠦᠷᠡᠯᠲᠡ ᠶᠢᠨ | ᠲᠦᠯᠬᠢᠯᠴᠡᠬᠦ ᠰᠢᠬᠠᠯᠳᠤᠬᠤ ᠦᠵᠡᠭᠳᠡᠯ ᠢᠯᠡᠷᠬᠡᠢ ᠪᠣᠯᠤᠭᠰᠠᠨ ᠢ ᠬᠠᠷᠠᠭᠤᠯᠵᠤ ᠪᠠᠶᠢᠨ᠎ᠠ᠃ | | | ᠶᠡᠭᠦᠷᠡᠯᠲᠡ ᠠᠴᠠ ᠡᠮᠦᠨ᠎ᠡ᠂ ᠴᠢᠯᠠᠭᠤᠯᠢᠭ ᠠᠩ ᠭᠠᠷᠬᠤ ᠪᠤᠶᠤ ᠬᠡᠷᠴᠢᠭᠳᠡᠨ ᠰᠢᠬᠠᠭᠳᠠᠭᠰᠠᠨ ᠲᠠᠭᠤ ᠭᠠᠷᠤᠨ᠎ᠠ ᠂ | ᠡᠨᠡ ᠨᠢ ᠭᠦᠨ ᠬᠡᠰᠡᠭ ᠤᠨ ᠳᠦᠷᠰᠦ ᠬᠤᠪᠢᠷᠠᠬᠤ ᠪᠠ ᠬᠠᠭᠠᠷᠠᠬᠤ ᠪᠣᠯᠤᠭᠰᠠᠨ ᠶᠢ ᠬᠠᠷᠠᠭᠤᠯᠵᠤ ᠪᠠᠶᠢᠨ᠎ᠠ᠃ | | | ᠶᠡᠭᠦᠷᠡᠯᠲᠡ ᠠᠴᠠ ᠡᠮᠦᠨ᠎ᠡ᠂ ᠶᠡᠭᠦᠷᠡᠯᠲᠡ ᠶᠢᠨ ᠴᠣᠭᠴᠠ ᠶᠢᠨ ᠳᠥᠷᠪᠡᠨ ᠲᠠᠯ᠎ᠠ ᠶᠢᠨ ᠴᠢᠯᠠᠭᠤᠯᠢᠭ᠂ ᠰᠢᠷᠣᠢ ᠳᠤ | ᠵᠢᠵᠢᠭ ᠬᠡᠯᠪᠡᠷᠢ ᠶᠢᠨ ᠨᠤᠷᠠᠯᠲᠠ ᠶᠢᠨ ᠦᠵᠡᠭᠳᠡᠯ ᠢᠯᠡᠷᠡᠨ᠎ᠡ᠃ | | | ᠶᠡᠭᠦᠷᠡᠯᠲᠡ ᠶᠢᠨ ᠦᠶ᠎ᠡ ᠳᠤ᠂ ᠬᠥᠨᠳᠡᠯᠡᠨ ᠪᠠ ᠭᠤᠯᠳᠤ ᠴᠢᠭᠯᠡᠯ ᠤᠨ ᠰᠠᠴᠤᠷᠠᠭ ᠬᠡᠯᠪᠡᠷᠢᠲᠦ ᠠᠩ ᠭᠠᠷᠤᠨ᠎ᠠ᠂ | ᠡᠨᠡ ᠨᠢ ᠶᠡᠭᠦᠷᠡᠯᠲᠡ ᠶᠢᠨ ᠴᠣᠭᠴᠠ ᠲᠦᠯᠬᠢᠬᠦ ᠶᠢᠨ ᠬᠠᠮᠲᠤ ᠬᠠᠷᠰᠢ ᠰᠠᠭᠠᠳ ᠲᠤ ᠤᠴᠠᠷᠠᠵᠤ᠂ ᠨᠢᠭᠡᠨᠲᠡ ᠶᠡᠭᠦᠷᠡᠬᠦ | ᠪᠠᠶᠢᠳᠠᠯ ᠳᠤ ᠣᠷᠣᠭᠰᠠᠨ ᠢ ᠬᠠᠷᠠᠭᠤᠯᠵᠤ ᠪᠠᠶᠢᠨ᠎ᠠ᠃ | | | ᠶᠡᠭᠦᠷᠡᠯᠲᠡ ᠡᠭᠦᠰᠦᠭᠰᠡᠨ ᠤ ᠲᠠᠷᠠᠭ᠎ᠠ ᠠᠩ ᠨᠢ ᠲᠦᠷᠭᠡᠨ ᠥᠷᠭᠡᠳᠴᠦ᠂ ᠠᠩ ᠵᠠᠪᠰᠠᠷ ᠠᠴᠠ ᠬᠠᠯᠠᠭᠤᠨ ᠪᠤᠶᠤ | ᠬᠦᠢᠲᠡᠨ ᠠᠭᠤᠷ ᠭᠠᠷᠴᠤ ᠢᠷᠡᠨ᠎ᠡ᠃ | | | ᠠᠮᠢᠲᠠᠨ ᠤ ᠭᠡᠯᠮᠡᠭᠳᠡᠯ ᠬᠡᠪ ᠤᠨ ᠪᠤᠰᠤ ᠪᠣᠯᠵᠤ᠂ ᠤᠷᠭᠤᠮᠠᠯ ᠳᠤ ᠬᠡᠪ ᠤᠨ ᠪᠤᠰᠤ ᠦᠵᠡᠭᠳᠡᠯ ᠢᠯᠡᠷᠡᠨ᠎ᠡ᠃ | ᠵᠢᠱᠢᠶᠡᠯᠡᠪᠡᠯ᠂ ᠭᠠᠭ᠋ᠠᠢ᠂ ᠨᠣᠬᠠᠢ᠂ ᠦᠬᠡᠷ ᠮᠡᠲᠦ ᠶᠢᠨ ᠠᠮᠢᠲᠠᠨ ᠠᠶᠤᠨ ᠭᠡᠯᠮᠡᠭᠳᠡᠵᠦ᠂ ᠬᠤᠯᠤᠭᠠᠨ᠎ᠠ ᠨᠦᠬᠡᠨ ᠳᠡᠭᠡᠨ | ᠣᠷᠣᠬᠤ ᠦᠭᠡᠢ᠂ ᠮᠣᠳᠣ ᠬᠤᠪᠠᠭ᠋ᠠᠶᠢᠷᠠᠬᠤ ᠪᠤᠶᠤ ᠬᠠᠵᠠᠶᠢᠬᠤ ᠵᠡᠷᠭᠡ ᠪᠣᠯᠣᠨ᠎ᠠ᠃ | | | ᠶᠡᠭᠦᠷᠡᠯᠲᠡ ᠳᠤ ᠬᠡᠷᠬᠢᠨ ᠥᠪᠡᠷ ᠢ ᠪᠠᠨ ᠠᠪᠤᠷᠠᠬᠤ ᠪᠤᠢ︖ | | | ᠯᠠᠪᠳᠠᠭᠤᠨ ᠲᠣᠭᠲᠠᠭᠤᠨ ᠪᠠᠶᠢᠵᠤ᠂ ᠡᠭᠴᠡ ᠴᠢᠭᠯᠡᠯ ᠪᠤᠶᠤ ᠶᠡᠭᠦᠷᠡᠯᠲᠡ ᠶᠢᠨ ᠴᠢᠭᠯᠡᠯ ᠤᠨ ᠬᠤᠶᠠᠷ ᠬᠠᠵᠠᠭᠤ | ᠲᠡᠶᠢᠰᠢ ᠪᠠᠨ ᠪᠡᠶ᠎ᠡ ᠵᠠᠶᠢᠯᠠᠬᠤ ᠬᠠᠮᠲᠤ ᠡᠷᠬᠢᠨ ᠲᠣᠭᠤᠷᠢᠨ ᠤ ᠠᠮᠤᠷ ᠲᠦᠪᠰᠢᠨ ᠭᠠᠵᠠᠷ ᠢ ᠡᠷᠢᠵᠦ ᠵᠠᠶᠢᠯᠠᠨ᠎ᠠ᠃ | | | ᠳᠤᠲᠠᠭᠠᠬᠤ ᠶᠢᠨ ᠠᠷᠭ᠎ᠠ ᠦᠭᠡᠢ ᠦᠶ᠎ᠡ ᠳᠤ᠂ ᠬᠠᠵᠠᠭᠤ ᠬᠠᠪᠢ ᠶᠢᠨ ᠮᠣᠳᠣ ᠵᠡᠷᠭᠡ ᠲᠣᠭᠲᠠᠮᠠᠯ ᠪᠣᠳᠠᠰ ᠲᠠᠢ | ᠵᠢᠭᠤᠷᠠᠯᠳᠤᠵᠤ ᠤᠷᠤᠰᠬᠠᠭᠳᠠᠬᠤ ᠠᠴᠠ ᠰᠡᠷᠭᠡᠶᠢᠯᠡᠬᠦ ᠬᠡᠷᠡᠭᠲᠡᠢ᠃ | | | ᠬᠠᠲᠠᠭᠤ ᠪᠡᠶᠡᠲᠦ ᠪᠣᠳᠠᠰ ᠠᠴᠠ ᠳᠠᠯᠳᠠᠯᠠᠬᠤ ᠦᠶ᠎ᠡ ᠳᠤ᠂ ᠲᠣᠯᠣᠭᠠᠢ ᠪᠠᠨ ᠰᠠᠶᠢᠲᠤᠷ ᠬᠠᠮᠠᠭᠠᠯᠠᠵᠤ᠂ | ᠭᠠᠮᠰᠢᠭ ᠠᠴᠠ ᠵᠠᠶᠢᠯᠠᠬᠤ ᠲᠠᠯᠠᠪᠤᠷ ᠢ ᠶᠡᠭᠦᠷᠡᠯᠲᠡ ᠶᠢᠨ ᠳᠡᠭᠡᠳᠦ ᠪᠤᠶᠤ ᠳᠣᠣᠷᠠᠳᠤ ᠲᠠᠯ᠎ᠠ ᠳᠤ ᠰᠣᠩᠭᠤᠵᠤ ᠪᠣᠯᠬᠤ | ᠦᠭᠡᠢ᠃ | | | ᠶᠡᠭᠦᠷᠡᠯᠲᠡ ᠶᠢᠨ ᠳᠠᠷᠠᠭ᠎ᠠ᠂ ᠳᠠᠷᠤᠶᠢᠬᠠᠨ ᠭᠡᠷ ᠲᠡᠭᠡᠨ ᠬᠠᠷᠢᠵᠤ ᠪᠣᠯᠬᠤ ᠦᠭᠡᠢ᠃ ᠶᠡᠭᠦᠷᠡᠯᠲᠡ ᠶᠡᠷᠦᠨᠢ | ᠦᠷᠭᠦᠯᠵᠢᠯᠡᠨ ᠡᠭᠦᠰᠴᠦ᠂ ᠬᠥᠩᠭᠡᠨ ᠬᠠᠭᠤᠳᠠᠮ ᠢᠶᠠᠷ ᠭᠡᠷ ᠲᠡᠭᠡᠨ ᠬᠠᠷᠢᠪᠠᠯ ᠬᠤᠶᠠᠳᠠᠭᠢ ᠤᠳᠠᠭᠠᠨ ᠤ | ᠶᠡᠭᠦᠷᠡᠯᠲᠡ ᠶᠢᠨ ᠬᠥᠨᠥᠭᠡᠯ ᠳᠤ ᠤᠴᠠᠷᠠᠵᠤ ᠮᠡᠳᠡᠨ᠎ᠡ᠃ | | | ᠵᠠᠰᠠᠭ ᠤᠨ ᠣᠷᠳᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠤᠶᠤ ᠨᠢᠭᠡᠴᠢ ᠳᠤ ᠭᠠᠮᠰᠢᠭ ᠤᠨ | ᠪᠠᠶᠢᠳᠠᠯ ᠢ ᠳᠠᠷᠤᠢ ᠲᠦᠷᠭᠡᠨ ᠮᠡᠳᠡᠭᠦᠯᠬᠦ ᠨᠢ ᠭᠠᠮᠰᠢᠭ ᠤᠨ ᠬᠤᠬᠢᠷᠠᠯ ᠢ ᠪᠠᠭᠠᠰᠬᠠᠬᠤ ᠳᠤ ᠲᠤᠶᠢᠯ ᠤᠨ ᠴᠢᠬᠤᠯᠠ | ᠠᠴᠢ ᠬᠤᠯᠪᠣᠭᠳᠠᠯ ᠲᠠᠢ ᠶᠤᠮ᠃ | | | | | ᠢᠷᠡᠯᠲᠡ᠄ ᠰᠢᠨᠬᠤᠸᠠ ᠬᠠᠷᠠᠭᠠᠰᠤ |