| | | | ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠠᠯᠪᠠᠨ ᠲᠢᠩᠬᠢᠮ ᠣᠶᠢᠷ᠎ᠠ ᠳᠤ | ᠮᠡᠳᠡᠭᠳᠡᠯ ᠳᠠᠷᠤᠮᠠᠯᠯᠠᠨ ᠲᠠᠷᠬᠠᠭᠠᠵᠤ᠂ 2024 ᠣᠨ ᠤ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ | ᠠᠷᠪᠢᠯᠠᠬᠤ ᠭᠤᠣᠯ ᠰᠡᠳᠦᠪᠲᠦ 10 ᠰᠢᠯᠢᠳᠡᠭ ᠵᠦᠴᠦᠭᠡ ᠶᠢᠨ ᠵᠣᠬᠢᠶᠠᠯ ᠪᠠ 10 ᠭᠤᠣᠯ ᠰᠡᠳᠦᠪᠲᠦ ᠥᠯᠢᠭᠡᠷ ᠢ | ᠨᠡᠶᠢᠲᠡᠯᠡᠪᠡ᠃ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ | ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠳᠡᠪᠰᠢᠭᠦᠯᠦᠨ ᠮᠡᠳᠡᠭᠦᠯᠦᠭᠰᠡᠨ | ︽ᠢᠷᠡᠭᠡᠳᠦᠢ︾᠂ ︽ᠪᠤᠴᠠᠬᠤ ᠵᠠᠮ·ᠰᠢᠨ᠎ᠡ ᠠᠮᠢᠯᠠᠯ ︱ ᠭᠡᠷ ᠲᠡᠭᠡᠨ ᠬᠠᠷᠢᠬᠤ ᠠᠶᠠᠯᠠᠯ︾ ᠨᠢ ᠰᠢᠯᠢᠳᠡᠭ ᠵᠦᠴᠦᠭᠡ ᠶᠢᠨ | ᠵᠣᠬᠢᠶᠠᠯ ᠢᠶᠠᠷ ᠦᠨᠡᠯᠡᠭᠳᠡᠵᠦ᠂ ︽ᠵᠠᠯᠬᠠᠭᠤ ᠳ᠋ᠧᠩ︾᠂ ︽ᠬᠠᠷᠠᠮᠴᠢ ᠬᠥᠮᠥᠨ ᠯᠤᠤ ᠽᠧᠩ︾ ᠨᠢ ᠰᠢᠯᠢᠳᠡᠭ | ᠥᠯᠢᠭᠡᠷ ᠢᠶᠠᠷ ᠦᠨᠡᠯᠡᠭᠳᠡᠵᠦ᠂ ︽ᠰᠠᠬᠢᠨ ᠬᠦᠯᠢᠶᠡᠯᠲᠡ︾᠂ ︽ᠯᠣᠩᠬᠤ ᠲᠡᠭᠦᠬᠦ︾᠂ ︽ᠰᠠᠶᠢᠨ ᠤᠯᠠᠮᠵᠢᠯᠠᠯ ᠰᠢᠨ᠎ᠡ | ᠤᠷᠤᠰᠬᠠᠯ︾᠂ ︽ᠬᠤᠪᠢᠰᠬᠠᠯ ᠤᠨ ᠲᠡᠮᠳᠡᠭᠯᠡᠯ ᠤᠨ ᠳᠡᠪᠲᠡᠷ︾ ᠨᠢ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ | ᠠᠷᠪᠢᠯᠠᠬᠤ ᠭᠤᠣᠯ ᠰᠡᠳᠦᠪᠲᠦ ᠰᠢᠯᠢᠳᠡᠭ ᠵᠦᠴᠦᠭᠡ ᠶᠢᠨ ᠳᠡᠪᠲᠡᠷ ᠢᠶᠠᠷ ᠦᠨᠡᠯᠡᠭᠳᠡᠵᠦ᠂ ᠮᠠᠨ ᠤ ᠣᠷᠣᠨ ᠬᠠᠮᠤᠭ ᠤᠨ | ᠣᠯᠠᠨ ᠪᠦᠲᠦᠭᠡᠯ ᠦᠨᠡᠯᠡᠭᠳᠡᠭᠰᠡᠨ ᠭᠠᠵᠠᠷ ᠣᠷᠣᠨ ᠪᠣᠯᠤᠭᠰᠠᠨ ᠪᠠᠶᠢᠨ᠎ᠠ᠃ | | | | | 2024 ᠣᠨ ᠤ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠭᠤᠣᠯ ᠰᠡᠳᠦᠪᠲᠦ | ᠰᠢᠯᠢᠳᠡᠭ ᠵᠦᠴᠦᠭᠡ ᠶᠢᠨ ᠵᠣᠬᠢᠶᠠᠯ ᠪᠣᠯᠣᠨ ᠦᠯᠢᠭᠡᠷ ᠢ ᠴᠤᠭᠯᠠᠭᠤᠯᠬᠤ ᠠᠵᠢᠯᠯᠠᠭ᠎ᠠ ᠨᠢ ᠪᠣᠬᠢᠷᠳᠤᠯ ᠦᠭᠡᠢ | ᠬᠥᠭᠵᠢᠯᠲᠡ ᠶᠢᠨ ᠣᠶᠢᠯᠠᠭᠠᠭᠳᠠᠬᠤᠨ ᠢ ᠥᠷᠭᠡᠨ ᠢᠶᠠᠷ ᠤᠯᠠᠮᠵᠢᠯᠠᠵᠤ᠂ ᠳᠥᠭᠦᠮ ᠪᠥᠭᠡᠳ ᠲᠣᠬᠢᠷᠠᠮᠵᠢᠲᠠᠢ᠂ ᠪᠣᠬᠢᠷᠳᠤᠯ | ᠦᠭᠡᠢ ᠪᠠᠭ᠎ᠠ ᠨᠡᠭᠦᠷᠡᠰᠦᠲᠥ᠋ᠷᠥᠭᠴᠢᠲᠦ᠂ ᠪᠣᠯᠪᠠᠰᠤᠨ ᠡᠷᠡᠭᠦᠯ ᠠᠮᠢᠳᠤᠷᠠᠯ ᠤᠨ ᠠᠷᠭ᠎ᠠ ᠭᠡᠯᠪᠡᠷᠢ ᠶᠢ ᠰᠠᠨᠠᠭᠠᠴᠢᠯᠠᠵᠤ᠂ | ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠬᠰᠢᠭᠤᠯᠤᠯᠳᠠ ᠶᠢ | ᠪᠠᠭᠠᠰᠬᠠᠬᠤ ᠶᠢ ᠠᠬᠢᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠭᠦ ᠲᠠᠯ᠎ᠠ ᠪᠠᠷ ᠪᠣᠬᠢᠷᠳᠤᠯ ᠦᠭᠡᠢ | ᠲᠡᠶᠢᠰᠢ ᠭᠡᠯᠪᠡᠷᠢ ᠪᠠᠨ ᠬᠤᠪᠢᠷᠠᠭᠤᠯᠬᠤ ᠳᠤᠮᠳᠠ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢᠶᠠᠨ | ᠪᠠᠳᠠᠷᠠᠭᠤᠯᠬᠤ ᠶᠢ ᠵᠣᠷᠢᠪᠠ᠃ ᠥᠪᠡᠷᠲᠡᠭᠡᠨ ᠵᠠᠰᠠᠬᠤ ᠣᠷᠣᠨ ᠤ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ | ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠬᠢᠨ | ᠢᠳᠡᠪᠬᠢᠲᠡᠢ ᠪᠠᠷ ᠵᠣᠬᠢᠶᠠᠨ ᠪᠠᠶᠢᠭᠤᠯᠵᠤ᠂ ᠥᠷᠭᠡᠨ ᠢᠶᠠᠷ ᠲᠠᠶᠢᠴᠢᠯᠠᠵᠦ᠂ ᠨᠡᠶᠢᠳᠡ 31 ᠪᠦᠲᠦᠭᠡᠯ ᠢ ᠳᠡᠪᠰᠢᠭᠦᠯᠦᠨ | ᠮᠡᠳᠡᠭᠦᠯᠵᠡᠢ᠂ ᠡᠳᠡᠭᠡᠷ ᠪᠦᠲᠦᠭᠡᠯ ᠨᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠬᠰᠢᠭᠤᠯᠤᠯᠳᠠ ᠶᠢ | ᠪᠠᠭᠠᠰᠬᠠᠬᠤ᠂ ᠪᠣᠬᠢᠷᠳᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢᠶᠠᠷ ᠭᠤᠣᠯᠳᠠᠭᠤᠯᠵᠤ᠂ ᠪᠣᠬᠢᠷᠳᠤᠯ ᠦᠭᠡᠢ | ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠭᠤᠣᠯ ᠭᠦᠭ ᠠᠶᠠᠰ ᠢ ᠴᠤᠤᠷᠢᠶᠠᠲᠤᠭᠤᠯᠵᠤ᠂ ᠨᠡᠶᠢᠭᠡᠮ ᠤᠨ ᠡᠯ᠎ᠡ | ᠡᠲᠡᠭᠡᠳ ᠤᠨ ᠬᠢᠨ ᠢ ᠤᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠠᠴᠢ ᠬᠤᠯᠪᠣᠭᠳᠠᠯ ᠤᠨ | ᠲᠤᠬᠠᠢ ᠨᠡᠩ ᠲᠣᠳᠣᠷᠬᠠᠢ ᠲᠠᠨᠢᠯᠲᠠ ᠲᠠᠢ ᠪᠣᠯᠭᠠᠵᠠᠢ᠃ | |