| | | | ᠰᠤᠷᠪᠤᠯᠵᠢᠯᠠᠬᠴᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠠᠴᠠ ᠣᠶᠢᠯᠠᠭᠠᠭᠰᠠᠨ ᠢᠶᠠᠷ᠂ 2024 ᠣᠨ ᠳᠤ | ᠪᠦᠭᠦ ᠣᠷᠣᠨ ᠤ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠨᠡᠶᠢᠲᠡ 28.6 ᠲᠦᠮᠡᠨ ᠬᠤᠪᠢ ᠠᠯᠪᠠᠨ ᠭᠡᠷᠡᠴᠢᠯᠡᠭᠡ | ᠬᠢᠵᠦ᠂ ᠡᠭᠦᠨ ᠳᠤ ᠭᠠᠳᠠᠭᠠᠳᠤ ᠳᠤ ᠬᠤᠯᠪᠣᠭᠳᠠᠬᠤ ᠠᠯᠪᠠᠨ ᠭᠡᠷᠡᠴᠢᠯᠡᠭᠡ 1.9 ᠲᠦᠮᠡᠨ ᠬᠤᠪᠢ ᠪᠠᠶᠢᠵᠤ᠂ ᠴᠠᠭ | ᠬᠤᠭᠤᠴᠠᠭ᠎ᠠ ᠶᠢ ᠨᠢ ᠪᠠᠭᠠᠰᠬᠠᠭᠰᠠᠨ ᠠᠯᠪᠠᠨ ᠭᠡᠷᠡᠴᠢᠯᠡᠭᠡ ᠶᠢ 10.9 ᠲᠦᠮᠡᠨ ᠬᠤᠪᠢ ᠭᠦᠢᠴᠡᠳᠬᠡᠵᠡᠢ᠃ | | | | | 2024 ᠣᠨ ᠳᠤ᠂ ᠥᠪᠡᠷᠲᠡᠭᠡᠨ ᠵᠠᠰᠠᠬᠤ ᠣᠷᠣᠨ ᠤ ᠠᠯᠪᠠᠨ ᠭᠡᠷᠡᠴᠢᠯᠡᠭᠡ ᠶᠢᠨ ᠨᠡᠶᠢᠭᠡᠮᠯᠢᠭ ᠠᠴᠠ ᠨᠠᠮ ᠤᠨ | ᠪᠦᠭᠦ ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ | ᠭᠤᠣᠯᠳᠠᠯᠭ᠎ᠠ ᠲᠠᠢ ᠴᠢᠩᠭᠠᠳᠬᠠᠵᠤ᠂ ᠪᠦᠭᠦ ᠣᠷᠣᠨ ᠤ ᠠᠯᠪᠠᠨ ᠭᠡᠷᠡᠴᠢᠯᠡᠭᠡ ᠶᠢᠨ ᠪᠠᠶᠢᠭᠤᠯᠤᠮᠵᠢ ᠶᠢᠨ ᠠᠵᠢᠯ ᠡᠷᠭᠢᠯᠡᠭᠦ | ᠡᠮᠬᠢ ᠳᠢᠭᠯᠢᠮ ᠢ ᠵᠢᠷᠤᠮᠵᠢᠭᠤᠯᠵᠤ᠂ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠠᠯᠪᠠᠨ | ᠭᠡᠷᠡᠴᠢᠯᠡᠭᠡ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠪᠡ᠃ ᠠᠵᠢᠯ ᠲᠥᠷᠥᠯ ᠤᠨ ᠮᠡᠳᠡᠭᠡ | ᠵᠠᠩᠭᠢᠴᠢᠯᠠᠯᠲᠠ ᠶᠢᠨ ᠪᠠᠶᠢᠭᠤᠯᠤᠯᠲᠠ ᠶᠢ ᠲᠦᠷᠭᠡᠳᠬᠡᠵᠦ᠂ ᠠᠵᠢᠯ ᠲᠥᠷᠥᠯ ᠤᠨ ᠬᠠᠮᠢᠶᠠᠷᠤᠯᠲᠠ ᠶᠢᠨ ᠰᠢᠰᠲ᠋ᠧᠮ ᠵᠢᠴᠢ | ᠣᠷᠤᠭ ᠤᠨ ᠳᠠᠩᠰᠠᠯᠠᠯᠲᠠ ᠶᠢᠨ ᠮᠡᠳᠡᠭᠡ ᠵᠠᠩᠭᠢ ᠶᠢ ᠬᠠᠷᠭᠤᠭᠤᠯᠤᠨ ᠰᠢᠯᠭᠠᠬᠤ ᠰᠢᠰᠲ᠋ᠧᠮ ᠢ ᠦᠷᠭᠦᠯᠵᠢᠯᠡᠨ | ᠰᠢᠯᠢᠳᠡᠭᠵᠢᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣᠭᠢ ᠮᠡᠳᠡᠭᠡ ᠵᠠᠩᠭᠢᠴᠢᠯᠠᠯᠲᠠ ᠶᠢᠨ ᠬᠠᠮᠲᠤᠷᠠᠯᠴᠠᠭ᠎ᠠ ᠪᠠ | ᠲᠤᠭ᠎ᠠ ᠪᠠᠷᠢᠮᠲᠠ ᠶᠢᠨ ᠠᠰᠢᠭᠯᠠᠯᠲᠠ ᠶᠢ ᠴᠢᠩᠭᠠᠳᠬᠠᠪᠠ᠃ ᠠᠯᠪᠠᠨ ᠭᠡᠷᠡᠴᠢᠯᠡᠭᠡ ᠶᠢᠨ ᠦᠢᠯᠡᠴᠢᠯᠡᠭᠡᠨ ᠤ ᠬᠦᠷᠢᠶ᠎ᠡ ᠶᠢ | ᠢᠳᠡᠪᠬᠢᠲᠡᠢ ᠪᠠᠷ ᠥᠷᠭᠡᠳᠬᠡᠵᠦ᠂ ︽ᠠᠯᠪᠠᠨ ᠭᠡᠷᠡᠴᠢᠯᠡᠭᠡ ᠶᠢᠨ ᠦᠨᠡᠮᠯᠡᠯ ᠢ ᠬᠠᠰᠤᠵᠤ ᠠᠷᠠᠳ ᠲᠤ ᠲᠦᠭᠦᠮ | ᠦᠵᠡᠭᠦᠯᠭᠦ ᠬᠤᠷᠳᠤᠴᠠ ᠶᠢ ᠲᠦᠷᠭᠡᠳᠬᠡᠬᠦ︾ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠵᠥᠷᠢᠴᠡᠯ | ᠵᠠᠭᠤᠷᠠᠯᠳᠤᠭᠠᠨ ᠢ ᠤᠯᠠᠨ ᠡᠰᠢᠵᠢᠭᠦᠯᠦᠨ ᠰᠢᠢᠳᠪᠦᠷᠢᠯᠡᠬᠦ ᠪᠠ ᠵᠠᠷᠭᠤ ᠶᠢ ᠡᠬᠢ ᠡᠭᠦᠰᠦᠯ ᠠᠴᠠ ᠨᠢ ᠵᠠᠰᠠᠬᠤ | ᠠᠵᠢᠯ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠮᠡᠳᠡᠯᠭᠡ ᠶᠢᠨ ᠥᠮᠴᠢᠯᠡᠯ ᠤᠨ ᠡᠷᠬᠡ ᠶᠢ ᠬᠠᠮᠠᠭᠠᠯᠠᠬᠤ | ᠠᠵᠢᠯ ᠳᠤ ᠢᠳᠡᠪᠬᠢᠲᠡᠢ ᠣᠷᠣᠯᠴᠠᠵᠤ᠂ ᠠᠷᠠᠳ ᠲᠦᠮᠡᠨ ᠳᠤ ᠦᠢᠯᠡᠴᠢᠯᠡᠬᠦ ᠲᠦᠪᠰᠢᠨ ᠢᠶᠠᠨ ᠲᠠᠰᠤᠷᠠᠯᠳᠠ ᠦᠭᠡᠢ | ᠳᠡᠭᠡᠭᠰᠢᠯᠡᠭᠦᠯᠦᠭᠰᠡᠨ ᠪᠠᠶᠢᠨ᠎ᠠ᠃ | |