ᠮᠠᠨ ᠤ ᠣᠷᠣᠨ ᠤ ᠰᠢᠨ᠎ᠡ ᠡᠨᠧᠷᠭᠢ ᠶᠢᠨ ᠮᠠᠰᠢᠨ ᠲᠡᠷᠭᠡ 20 ᠲᠦᠮᠡ ᠶᠢ ᠳᠠᠪᠠᠪᠠ
ᠨᠡᠶᠢᠲᠡᠯᠡᠭᠰᠡᠨ ᠴᠠᠭ᠄
2025/2/18
      ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2024 ᠣᠨ ᠤ ᠡᠴᠦᠰ ᠪᠤᠯᠲᠠᠯ᠎ᠠ  ᠪᠦᠭᠦ ᠣᠷᠣᠨ ᠳᠤ ᠲᠦᠭᠡᠮᠡᠯᠵᠢᠭᠦᠯᠦᠭᠰᠡᠨ ᠰᠢᠨ᠎ᠡ ᠡᠨᠧᠷᠭᠢ ᠶᠢᠨ ᠮᠠᠰᠢᠨ ᠲᠡᠷᠭᠡ 20 ᠲᠦᠮᠡ ᠶᠢ ᠳᠠᠪᠠᠵᠤ᠂ ᠵᠦᠪᠭᠡᠨ ᠳᠤᠰ ᠵᠢᠯ ᠳᠤ ᠪᠦᠭᠦ ᠣᠷᠣᠨ ᠳᠤ 11.34 ᠲᠦᠮᠡ ᠭᠠᠷᠤᠢ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠲᠦᠭᠡᠮᠡᠯᠵᠢᠭᠦᠯᠵᠦ᠂ 2023 ᠣᠨ ᠤ ᠠᠳᠠᠯᠢ ᠬᠤᠭᠤᠴᠠᠭᠠᠨ ᠤ ᠬᠢ ᠠᠴᠠ 162.44%  ᠪᠠᠷ ᠨᠡᠮᠡᠭᠳᠡᠵᠡᠢ᠃ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠪᠣᠯ ᠮᠠᠨ ᠤ ᠣᠷᠣᠨ ᠤ ᠮᠠᠰᠢᠨ ᠲᠡᠷᠭᠡ ᠦᠢᠯᠡᠳᠬᠦ ᠦᠢᠯᠡᠰ ᠤᠨ ᠬᠥᠭᠵᠢᠯᠲᠡ ᠶᠢᠨ ᠭᠤᠣᠯᠳᠠᠯᠭ᠎ᠠ ᠪᠣᠯᠣᠨ᠎ᠠ᠃ ᠣᠶᠢᠷ᠎ᠠ  ᠶᠢᠨ ᠵᠢᠯ ᠤᠨ ᠲᠤᠷᠰᠢ᠂ ᠮᠠᠨ ᠤ ᠣᠷᠣᠨ ᠤᠷᠢᠳ ᠬᠤᠵᠢᠳ ︽ᠰᠢᠨ᠎ᠡ ᠡᠨᠧᠷᠭᠢ ᠶᠢᠨ ᠮᠠᠰᠢᠨ ᠲᠡᠷᠭᠡ ᠶᠢ ᠲᠦᠭᠡᠮᠡᠯᠵᠢᠭᠦᠯᠦᠨ ᠬᠡᠷᠡᠭᠯᠡᠬᠦ ᠶᠢ ᠲᠦᠷᠭᠡᠳᠬᠡᠬᠦ ᠲᠤᠬᠠᠢ ᠬᠡᠷᠡᠭᠵᠢᠭᠦᠯᠬᠦ ᠰᠠᠨᠠᠯ︾᠂︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠭᠢᠯᠭᠠᠨ ᠭᠦᠳᠡᠯᠭᠡᠭᠦᠷᠲᠦ ᠬᠦᠨᠳᠦ ᠠᠴᠢᠶᠠᠨ ᠤ ᠮᠠᠰᠢᠨ ᠲᠡᠷᠭᠡ ᠶᠢ ᠲᠦᠭᠡᠮᠡᠯᠵᠢᠭᠦᠯᠦᠨ ᠬᠡᠷᠡᠭᠯᠡᠬᠦ ᠶᠢ ᠬᠡᠷᠡᠭᠵᠢᠭᠦᠯᠬᠦ ᠲᠥᠰᠥᠯ︾ ᠵᠡᠷᠭᠡ ᠤᠯᠠᠨ ᠵᠦᠢᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠢ ᠪᠢᠴᠢᠭ ᠮᠠᠲ᠋ᠧᠷᠢᠶᠠᠯ ᠢ ᠳᠠᠷᠤᠮᠠᠯᠯᠠᠨ ᠲᠠᠷᠬᠠᠭᠠᠵᠤ᠂ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠳᠡᠯᠭᠡᠷᠡᠭᠦᠯᠬᠦ ᠡᠷᠴᠢᠮ ᠢ ᠴᠢᠩᠭᠠᠷᠠᠭᠤᠯᠬᠤ᠂ ᠴᠠᠭᠢᠯᠭᠠᠨ ᠴᠡᠨᠡᠭᠯᠡᠬᠦ ᠪᠠ ᠴᠡᠨᠡᠭ ᠰᠣᠯᠢᠬᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠬᠤ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠵᠡᠷᠭᠡ ᠣᠯᠠᠨ ᠲᠠᠯ᠎ᠠ ᠠᠴᠠ ᠪᠠᠶᠢᠷᠢᠯᠠᠭᠤᠯᠤᠯᠲᠠ ᠬᠢᠵᠦ᠂ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠠᠢ᠃      ᠪᠦᠲᠦᠮᠵᠢᠳᠡᠢ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠴᠢᠩᠭᠠᠳᠬᠠᠭᠰᠠᠨ ᠢᠶᠠᠷ ᠮᠠᠨ ᠤ ᠣᠷᠣᠨ ᠤ ᠰᠢᠨ᠎ᠡ ᠡᠨᠧᠷᠭᠢ  ᠶᠢᠨ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ 2024 ᠣᠨ ᠤ ᠡᠴᠦᠰ ᠪᠤᠯᠲᠠᠯ᠎ᠠ  ᠥᠪᠡᠷᠲᠡᠭᠡᠨ ᠵᠠᠰᠠᠬᠤ ᠣᠷᠣᠨ ᠤ ᠰᠢᠨ᠎ᠡ ᠡᠨᠧᠷᠭᠢ  ᠶᠢᠨ ᠮᠠᠰᠢᠨ ᠲᠡᠷᠭᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠨᠡᠶᠢᠲᠡ ᠰᠢᠨ᠎ᠡ ᠡᠨᠧᠷᠭᠢ ᠶᠢᠨ ᠴᠠᠭᠢᠯᠭᠠᠨ ᠭᠦᠳᠡᠯᠭᠡᠭᠦᠷᠲᠦ ᠮᠠᠰᠢᠨ ᠲᠡᠷᠭᠡ  ᠶᠢ 9.02 ᠲᠦᠮᠡ ᠭᠠᠷᠤᠢ ᠪᠦᠷᠢᠳᠬᠡᠨ ᠣᠷᠣᠭᠤᠯᠵᠤ᠂ 12.15 ᠲᠦᠮᠡ ᠭᠠᠷᠤᠢ ᠬᠤᠣᠰ ᠭᠦᠳᠡᠯᠭᠡᠭᠦᠷᠲᠦ ᠮᠠᠰᠢᠨ ᠲᠡᠷᠭᠡ ᠶᠢ ᠪᠦᠷᠢᠳᠬᠡᠨ ᠣᠷᠣᠭᠤᠯᠵᠠᠢ; ᠰᠢᠨ᠎ᠡ ᠡᠨᠧᠷᠭᠢ ᠶᠢᠨ ᠮᠠᠰᠢᠨ ᠲᠡᠷᠭᠡ ᠨᠡᠶᠢᠲᠡ 58.34 ᠳ᠋ᠦᠩᠰᠢᠭᠤᠷ ᠺᠢᠯᠣᠮᠧᠲᠷ ᠠᠶᠠᠯᠠᠵᠤ᠂ ᠲᠣᠰᠣ ᠠᠷᠪᠢᠯᠠᠭᠰᠠᠨ ᠬᠡᠮᠵᠢᠶ᠎ᠡ 5.57 ᠳ᠋ᠦᠩᠰᠢᠭᠤᠷ ᠯᠢᠲᠷ᠂ ᠴᠠᠭᠢᠯᠭᠠᠨ ᠬᠤᠷᠣᠭᠳᠠᠭᠤᠯᠤᠭᠰᠠᠨ ᠬᠡᠮᠵᠢᠶ᠎ᠡ 20.15 ᠳ᠋ᠦᠩᠰᠢᠭᠤᠷ ᠺᠢᠯᠣᠸᠠᠲ ᠴᠠᠭ ᠲᠤ ᠬᠦᠷᠴᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠬᠡᠮᠵᠢᠶ᠎ᠡ  ᠶᠢ 248.3 ᠲᠦᠮᠡᠨ ᠲᠣᠨ ᠪᠠᠭᠠᠰᠬᠠᠵᠠᠢ᠃ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号