ᠰᠠᠶᠢᠬᠠᠨ ᠲᠣᠭᠤᠷᠢᠭ᠄ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠶᠢ ᠣᠯᠠᠨ ᠲᠠᠯ᠎ᠠ ᠪᠠᠷ ᠴᠡᠴᠡᠭᠯᠡᠨ᠎ᠡ
ᠨᠡᠶᠢᠲᠡᠯᠡᠭᠰᠡᠨ ᠴᠠᠭ᠄
2025/2/20
      ᠣᠶᠢᠷ᠎ᠠ ᠶᠢᠨ ᠵᠢᠯ ᠂ ᠰᠠᠶᠢᠬᠠᠨ ᠲᠣᠭᠤᠷᠢᠭ ᠲᠠᠷᠢᠶᠠᠯᠠᠩ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠲᠠᠷᠢᠶᠠᠯᠠᠩ ᠬᠥᠳᠡᠭᠡ ᠲᠣᠰᠬᠤᠨ ᠤ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠲᠠᠷᠢᠶᠠᠯᠠᠩ ᠤᠨ ᠠᠵᠤ ᠦᠢᠯᠡᠰ ᠤᠨ ᠬᠡᠪᠴᠢᠶᠡᠵᠢᠯᠲᠡ᠂ ᠣᠶᠤᠨᠴᠢᠯᠠᠯᠲᠠ᠂ ᠪᠦᠬᠦ ᠠᠵᠤ ᠦᠢᠯᠡᠰ ᠤᠨ ᠬᠡᠯᠬᠢᠶ᠎ᠡ ᠲᠡᠰᠢ ᠬᠥᠭᠵᠢᠬᠦ ᠶᠢ ᠠᠬᠢᠭᠤᠯᠵᠤ᠂ ᠰᠠᠶᠢᠬᠠᠨ ᠲᠣᠭᠤᠷᠢᠭ ᠤᠨ ᠲᠠᠷᠢᠶᠠᠯᠠᠩ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠲᠠᠯᠪᠢᠵᠤ ᠥᠭᠪᠡ᠃ 2025 ᠣᠨ ᠳᠤ᠂ ᠰᠠᠶᠢᠬᠠᠨ ᠲᠣᠭᠤᠷᠢᠭ ᠠᠵᠤ ᠦᠢᠯᠡᠳᠪᠦᠷᠢᠵᠢᠯᠲᠡ ᠪᠠ ᠵᠠᠬ᠎ᠠ ᠳᠡᠯᠭᠡᠭᠦᠷᠴᠢᠯᠡᠯᠲᠡ ᠶᠢᠨ ᠰᠡᠳᠬᠢᠬᠦᠢ ᠪᠠᠷ ᠲᠥᠬᠦᠭᠡᠷᠦᠮᠵᠢᠲᠦ ᠲᠠᠷᠢᠶᠠᠯᠠᠩ ᠢᠶᠠᠷ ᠤᠳᠤᠷᠢᠳᠤᠮᠵᠢ ᠪᠣᠯᠭᠠᠭᠰᠠᠨ ᠣᠲᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠰᠢᠰᠲ᠋ᠧᠮ ᠢ ᠪᠠᠶᠢᠭᠤᠯᠤᠨ᠎ᠠ᠃
图片1.png
      ᠰᠠᠶᠢᠬᠠᠨ ᠲᠣᠭᠤᠷᠢᠭ ᠤᠨ ᠶᠢᠨ ᠾᠧ ᠪᠠᠯᠭᠠᠰᠤᠨ ᠤ ᠢᠩᠲᠦ ᠲᠣᠰᠬᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ᠂ ᠠᠩᠬᠠᠨ ᠤ ᠲᠠᠷᠢᠶᠠᠨ ᠭᠠᠵᠠᠷ ᠲᠤ᠂ ᠲᠣᠮᠣ ᠬᠡᠯᠪᠡᠷᠢ ᠶᠢᠨ ᠮᠠᠰᠢᠨ ᠮᠧᠬᠠᠨᠢᠭ ᠢ ᠲᠠᠷᠢᠶᠠᠨ ᠭᠠᠵᠠᠷ ᠢᠶᠠᠷ ᠰᠦᠯᠵᠢᠯᠳᠦᠵᠦ᠂ ᠭᠠᠵᠠᠷ ᠰᠢᠷᠣᠢ ᠶᠢ ᠲᠡᠭᠰᠢᠯᠡᠬᠦ᠂ ᠲᠠᠷᠢᠶᠠᠨ ᠳᠠᠯᠠᠩ ᠢ ᠵᠠᠰᠠᠬᠤ ᠵᠡᠷᠭᠡ ᠠᠵᠢᠯ ᠡᠮᠬᠢ ᠵᠢᠷᠤᠮ ᠲᠠᠢ ᠶᠠᠪᠤᠭᠳᠠᠪᠠ᠃ ᠨᠢᠭᠡ ᠴᠣᠭᠴᠠᠵᠢᠭᠰᠠᠨ ᠡᠭᠦᠯᠡᠨ ᠲᠠᠪᠴᠠᠩ ᠤᠨ ᠲᠥᠬᠦᠭᠡᠷᠦᠮᠵᠢ ᠵᠢᠴᠢ ᠲᠣᠭᠠᠴᠢᠯᠠᠭᠰᠠᠨ ᠲᠠᠷᠢᠶᠠᠯᠠᠩ ᠤᠨ ᠡᠭᠦᠯᠡᠨ ᠲᠠᠪᠴᠠᠩ ᠤᠨ ᠰᠢᠰᠲ᠋ᠧᠮ  ᠨᠢ ᠡᠷᠳᠡᠨᠢ ᠰᠢᠰᠢ ᠶᠢᠨ ᠲᠠᠷᠢᠮᠠᠯ ᠤᠨ ᠤᠨᠠᠯᠲᠠ ᠶᠢ 27 ᠲᠦᠮᠡᠨ ᠺᠢᠯᠣᠭ᠍ᠷᠠᠮ ᠨᠡᠮᠡᠭᠳᠡᠭᠦᠯᠵᠦ᠂ 8.66 ᠲᠦᠮᠡᠨ ᠪᠣᠰᠤᠭ᠎ᠠ ᠳᠥᠷᠪᠡᠯᠵᠢᠨ ᠮᠧᠲᠷ ᠠᠷᠪᠢᠯᠠᠵᠤ᠂ ᠵᠢᠯ ᠤᠨ ᠳᠤᠮᠳᠠᠴᠢ ᠤᠨᠠᠯᠲᠠ ᠶᠢ 64.8 ᠲᠦᠮᠡᠨ ᠲᠥᠭᠦᠷᠢᠭ ᠨᠡᠮᠡᠭᠳᠡᠭᠦᠯᠵᠦ᠂ ᠲᠠᠷᠢᠶᠠᠯᠠᠩ ᠤᠨ ᠭᠠᠷᠤᠯᠲᠠ ᠶᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠬᠦᠴᠦᠲᠡᠢ ᠠᠬᠢᠭᠤᠯᠪᠠ᠃            2024 ᠣᠨ ᠳᠤ᠂ ᠰᠠᠶᠢᠬᠠᠨ ᠲᠣᠭᠤᠷᠢᠭ 4.5 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠦᠭᠰᠡᠨ ᠪᠥᠭᠡᠳ 1800 ᠮᠦ ᠣᠶᠤᠨᠲᠤ ᠲᠠᠷᠢᠶᠠᠯᠠᠩ ᠤᠨ ᠵᠢᠰᠢᠶ᠎ᠡ ᠦᠵᠡᠭᠦᠯᠬᠦ ᠣᠷᠣᠨ ᠪᠣᠯᠣᠨ 1000 ᠮᠦ ᠲᠥᠮᠥᠰᠥ ᠶᠢᠨ ᠲᠣᠭᠠᠴᠢᠯᠠᠭᠰᠠᠨ ᠲᠠᠷᠢᠮᠠᠯ ᠤᠨ ᠰᠤᠳᠤᠯᠤᠨ ᠨᠡᠭᠡᠭᠡᠬᠦ ᠵᠢᠰᠢᠶ᠎ᠡ ᠦᠵᠡᠭᠦᠯᠬᠦ ᠰᠠᠭᠤᠷᠢᠨ ᠢ ᠪᠠᠶᠢᠭᠤᠯᠪᠠ᠃ 2025 ᠣᠨ ᠳᠤ᠂ ᠰᠠᠶᠢᠬᠠᠨ ᠲᠣᠭᠤᠷᠢᠭ 10 ᠲᠦᠮᠡᠨ ᠮᠦ ᠡᠷᠳᠡᠨᠢ ᠰᠢᠰᠢ ᠶᠢᠨ ᠲᠠᠯᠠᠪᠠᠢ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠬᠦ ᠪᠠᠷ ᠲᠥᠯᠥᠪᠯᠡᠵᠦ᠂ 5. 3 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠠᠶᠢᠭᠤᠯᠵᠤ᠂ 5000 ᠮᠦ ᠲᠣᠭᠠᠴᠢᠯᠠᠭᠰᠠᠨ ᠵᠢᠰᠢᠶ᠎ᠡ ᠦᠵᠡᠭᠦᠯᠬᠦ ᠣᠷᠣᠨ ᠢ ᠭᠤᠣᠯᠳᠠᠯᠭ᠎ᠠ ᠲᠠᠢ ᠪᠠᠶᠢᠭᠤᠯᠤᠨ᠎ᠠ᠃            ᠰᠠᠶᠢᠬᠠᠨ ᠲᠣᠭᠤᠷᠢᠭ ᠤᠨ ᠵᠢᠶᠠ ᠱᠢ ᠲᠧ ᡁᠢ ᠲᠠᠷᠢᠶᠠᠯᠠᠩ ᠤᠨ ᠲᠠᠯᠠᠪᠠᠢ ᠣᠷᠣᠬᠤ ᠳᠤ  ᠣᠳᠤᠬᠢᠴᠢᠯᠠᠭᠰᠠᠨ ᠣᠶᠣᠨᠳᠦ  ᠭᠦᠯᠡᠮᠵᠢ ᠳᠣᠲᠣᠷ᠎ᠠ ᠨᠠᠷᠠᠨ ᠤ ᠭᠡᠷᠡᠯ ᠰᠠᠷᠭᠠᠢ ᠦᠵᠦᠮ ᠤᠨ ᠳᠤᠯᠠᠭᠠᠨ ᠢ ᠡᠵᠡᠮᠳᠡᠬᠦ ᠰᠢᠰᠲ᠋ᠧᠮ ᠨᠢ ᠳᠤᠯᠠᠭᠠᠨ ᠤ ᠬᠡᠮᠵᠢᠶ᠎ᠡ᠂ ᠬᠡᠷᠡᠯ ᠤᠨ ᠲᠤᠰᠤᠯᠲᠠ᠂ ᠴᠢᠭᠢᠭᠲᠦᠴᠡ᠂ ᠠᠭᠠᠷ ᠵᠡᠷᠭᠡ ᠲᠠᠷᠢᠮᠠᠯ ᠤᠨ ᠥᠰᠦᠯᠲᠡ ᠶᠢᠨ ᠡᠯᠧᠮᠧᠨ᠋ᠲ ᠢ ᠨᠠᠷᠢᠯᠢᠭ ᠣᠨᠣᠴᠠᠲᠠᠢ ᠪᠠᠷ ᠲᠣᠬᠢᠷᠠᠭᠤᠯᠤᠨ ᠡᠵᠡᠮᠳᠡᠵᠦ᠂ ᠦᠵᠦᠮ ᠨᠢᠭᠡᠪᠦᠷᠢ ᠶᠢᠨ ᠦᠰᠦᠨ ᠪᠣᠶᠢᠵᠢᠬᠤ ᠶᠢ ᠦᠨᠡᠨ ᠬᠦ  ᠪᠠᠳᠤᠯᠠᠵᠦ ᠦᠢᠯᠡᠳᠪᠦᠷᠢᠯᠡᠯ ᠤᠨ ᠦᠷ᠎ᠡ ᠪᠦᠲᠦᠮᠵᠢ ᠪᠠ ᠲᠠᠷᠢᠮᠠᠯ ᠤᠨ ᠶᠠᠰᠤ ᠴᠢᠨᠠᠷ ᠢ ᠶᠡᠭᠡ ᠪᠠᠷ ᠳᠡᠭᠡᠭᠰᠢᠯᠡᠭᠦᠯᠪᠡ᠃            2024 ᠣᠨ ᠳᠤ᠂ ᠰᠠᠶᠢᠬᠠᠨ ᠲᠣᠭᠤᠷᠢᠭ ᠤᠨ ᠵᠢᠶᠠ ᠱᠢ ᠳ᠋ᠥᠸᠧ ᡁᠢ ᠲᠠᠷᠢᠶᠠᠯᠠᠩ ᠤᠨ ᠲᠠᠯᠠᠪᠠᠢ ᠶᠢᠨ ᠭᠤᠷᠪᠠᠳᠤᠭᠠᠷ ᠬᠤᠭᠤᠴᠠᠭ᠎ᠠ᠂ ᠥᠪᠥᠷ ᠮᠣᠩᠭᠤᠯ ᠤᠨ ᠵᠢᠭᠤᠯᠴᠢᠯᠠᠯ ᠤᠨ ᠲᠡᠮᠳᠡᠭᠯᠡᠯ ᠤᠨ ᠬᠤᠶᠠᠳᠤᠭᠠᠷ ᠬᠤᠭᠤᠴᠠᠭ᠎ᠠ ᠵᠡᠷᠭᠡ 11 ᠲᠥᠬᠦᠭᠡᠷᠦᠮᠵᠢᠲᠦ ᠲᠠᠷᠢᠶᠠᠯᠠᠩ ᠤᠨ ᠲᠦᠷᠦᠯ ᠵᠦᠢᠯ ᠢ ᠤᠷᠤᠭᠰᠢᠲᠠᠢ ᠠᠬᠢᠭᠤᠯᠵᠤ᠂ ᠪᠦᠬᠦ ᠵᠢᠯ ᠳᠤ ᠲᠥᠬᠦᠭᠡᠷᠦᠮᠵᠢᠲᠦ ᠲᠠᠷᠢᠶᠠᠯᠠᠩ ᠤᠨ ᠲᠠᠯᠠᠪᠠᠢ ᠶᠢ 1378 ᠮᠦ ᠰᠢᠨ᠎ᠡ ᠪᠠᠷ ᠨᠡᠮᠡᠭᠳᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ 36 ᠵᠦᠢᠯ ᠤᠨ ᠲᠥᠷᠥᠯ ᠵᠦᠢᠯ ᠢ ᠬᠡᠷᠡᠭᠵᠢᠭᠦᠯᠵᠦ᠂ 1.5 ᠲᠦᠮᠡᠨ ᠲᠣᠰᠬᠤᠨ ᠤ ᠠᠷᠠᠳ ᠢ ᠳᠠᠶᠢᠴᠢᠯᠠᠨ ᠣᠷᠣᠯᠭ᠎ᠠ ᠨᠡᠮᠡᠭᠳᠡᠭᠦᠯᠪᠡ᠃ 2025 ᠣᠨ ᠳᠤ᠂ ᠰᠠᠶᠢᠬᠠᠨ ᠲᠣᠭᠤᠷᠢᠭ ᠲᠠᠷᠢᠶᠠᠯᠠᠩ ᠤᠨ ᠣᠳᠣᠬᠢᠴᠢᠯᠠᠯᠲᠠ ᠶᠢᠨ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠭᠤᠴᠢᠨ ᠬᠦᠯᠡᠮᠵᠢ ᠶᠢ ᠥᠭᠡᠷᠡᠴᠢᠯᠡᠬᠦ ᠡᠷᠴᠢᠮ ᠢᠶᠠᠨ ᠴᠢᠩᠭᠠᠷᠠᠭᠤᠯᠵᠤ᠂ ᠾᠧ ᠯᠢᠨ ᠲᠣᠰᠬᠤᠨ ᠤ ᠥᠨᠳᠥᠷ ᠪᠠᠷᠢᠮᠵᠢᠶᠠᠲᠤ ᠬᠦᠯᠡᠮᠵᠢ ᠶᠢ ᠥᠭᠡᠷᠡᠴᠢᠯᠡᠨ ᠳᠡᠭᠡᠭᠰᠢᠯᠡᠭᠦᠯᠬᠦ ᠵᠡᠷᠭᠡ 6 ᠲᠥᠬᠦᠭᠡᠷᠦᠮᠵᠢᠲᠦ ᠲᠠᠷᠢᠶᠠᠯᠠᠩ ᠤᠨ ᠲᠥᠷᠥᠯ ᠵᠦᠢᠯ ᠢ ᠬᠡᠷᠡᠭᠵᠢᠭᠦᠯᠵᠦ᠂ ᠵᠢᠶᠠ ᠱᠢ ᠣᠳᠣ ᠦᠶ᠎ᠡ ᠶᠢᠨ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠽᠢ ᠰᠦ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠶᠠᠷ ᠤᠯᠤᠰ ᠤᠨ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠰᠦᠷᠦᠭᠵᠢᠯ ᠤᠨ ᠲᠥᠷᠥᠯ ᠵᠦᠢᠯ ᠢ ᠣᠯᠬᠤ ᠪᠠᠷ ᠢᠳᠡᠪᠬᠢᠲᠡᠢ ᠴᠢᠷᠮᠠᠶᠢᠨ᠎ᠠ᠃ ᠪᠡᠯᠡᠳᠭᠡᠮᠵᠢᠳᠤ ᠲᠠᠷᠢᠶᠠᠯᠠᠩ ᠤᠨ ᠭᠤᠣᠯ ᠣᠷᠣᠨ ᠤ ᠠᠵᠤ ᠦᠢᠯᠡᠰ ᠤᠨ ᠬᠡᠯᠬᠢᠶ᠎ᠡ᠂ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠦᠨ ᠨᠡᠪᠲᠡᠷᠡᠭᠦᠯᠬᠦ ᠭᠦᠢᠯᠭᠡᠭᠡᠨ ᠤ ᠬᠡᠯᠬᠢᠶ᠎ᠡ᠂ ︽ᠲᠠᠷᠢᠶᠠᠯᠠᠩ︾ ᠤᠨ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠭᠤᠯᠤᠨ᠎ᠠ᠃ ᠪᠣᠬᠢᠷᠲᠤᠯ ᠦᠭᠡᠢ ᠢᠳᠡᠰᠢᠨ ᠨᠣᠭᠤᠭ᠎ᠠ ᠪᠠ ᠣᠨᠴᠠᠯᠢᠭᠲᠤ ᠵᠢᠮᠢᠰ ᠬᠤᠶᠠᠷ ᠶᠡᠭᠡ ᠭᠤᠣᠯᠯᠠᠬᠤ ᠠᠵᠤ ᠦᠢᠯᠡᠰ ᠤᠨ ᠬᠡᠯᠬᠢᠶᠡᠵᠢᠭᠰᠡᠨ ᠬᠥᠭᠵᠢᠯᠲᠡ ᠶᠢ ᠠᠬᠢᠭᠤᠯᠵᠤ᠂ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠶᠢᠨ ᠬᠠᠩᠭᠠᠯᠭ᠎ᠠ ᠶᠢᠨ ᠬᠡᠯᠬᠢᠶ᠎ᠡ ᠶᠢᠨ ᠠᠵᠤ ᠦᠢᠯᠡᠰ ᠤᠨ ᠬᠦᠷᠢᠶᠡᠯᠡᠩ᠂ ᠯᠢᠦᠢ ᠯᠢᠨ ᠶᠤᠸᠠᠨ ᠢᠳᠡᠭᠡᠨ ᠡᠳ᠋ᠰᠢᠭᠦᠯᠬᠦ ᠬᠦᠷᠢᠶᠡᠯᠡᠩ ᠢ ᠥᠷᠭᠡᠳᠬᠡᠨ ᠪᠠᠶᠢᠭᠤᠯᠬᠤ ᠵᠡᠷᠭᠡ 10 ᠲᠥᠷᠥᠯ ᠵᠦᠢᠯ ᠢ ᠬᠡᠷᠡᠭᠵᠢᠭᠦᠯᠵᠦ᠂ ᠬᠤᠸᠠᠷ ᠴᠡᠴᠡᠭ᠂ ᠴᠠᠷᠭᠠᠰᠤ ᠶᠢ ᠰᠤᠳᠤᠯᠤᠨ ᠨᠡᠭᠡᠭᠡᠬᠦ᠂ ᠳᠠᠷᠢᠬᠤ᠂ ᠲᠣᠭᠤᠷᠢᠨ ᠦᠵᠡᠬᠦ ᠪᠠ ᠪᠣᠷᠣᠯᠠᠭᠤᠯᠬᠤ ᠶᠢ ᠥᠷᠭᠡᠳᠬᠡᠨ᠎ᠡ᠃ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠪᠠᠷ ᠬᠠᠷᠠᠯᠲᠠ ᠪᠣᠯᠭᠠᠵᠤ᠂︽ᠵᠢᠭᠤᠯᠴᠢᠯᠠᠬᠤ︾ ᠵᠠᠭᠪᠤᠷ ᠢ ᠬᠠᠶᠢᠨ ᠰᠦᠪᠡᠭᠴᠢᠯᠡᠵᠦ᠂ ᠮᠠᠶᠢᠳᠠᠷᠢ ᠲᠣᠰᠬᠤᠨ ᠤ ᠬᠦᠷᠢᠶᠡᠯᠡᠩ ᠤᠨ ᠰᠡᠯᠡᠭᠦᠴᠡᠯ ᠡᠷᠡᠭᠦᠯᠵᠢᠯ ᠤᠨ ᠠᠮᠠᠷᠠᠯᠲᠠ ᠶᠢᠨ ᠣᠷᠣᠨ᠂ ᠬᠤᠤ ᠰᠢᠶᠠᠩ ᠤᠨ ᠲᠠᠯ᠎ᠠ ᠨᠤᠲᠤᠭ ᠤᠨ ᠰᠠᠭᠤᠭᠳᠠᠯ ᠵᠡᠷᠭᠡ ᠲᠠᠷᠢᠶᠠᠯᠠᠩ ᠰᠣᠶᠣᠯ ᠵᠢᠭᠤᠯᠴᠢᠯᠠᠯ ᠤᠨ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃           2024 ᠣᠨ ᠠᠴᠠ᠂ ᠰᠠᠶᠢᠬᠠᠨ ᠲᠣᠭᠤᠷᠢᠭ ᠤᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠪᠣᠷᠣᠯᠠᠭᠤᠯᠤᠯᠲᠠ ᠶᠢᠨ ᠬᠡᠮᠵᠢᠶ᠎ᠡ ᠨᠢᠭᠡᠨᠲᠡ 1.15 ᠳ᠋ᠦᠩᠰᠢᠭᠤᠷ ᠲᠥᠭᠦᠷᠢᠭ ᠢ ᠳᠠᠪᠠᠪᠠ᠃ ᠰᠢᠭᠤᠳ ᠨᠡᠪᠲᠡᠷᠡᠭᠦᠯᠭᠡ ︽ᠰᠢᠨ᠎ᠡ ᠲᠠᠷᠢᠶᠠᠯᠠᠩ ᠢ ᠠᠮᠢᠳᠤᠯᠢᠭ︾ ᠪᠤᠯᠭᠠᠵᠦ᠂ ᠲᠣᠭᠠᠴᠢᠯᠠᠭᠰᠠᠨ ᠠᠵᠤ ᠠᠬᠤᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ ᠪᠠᠶᠢᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号