| | | | ᠨᠠᠰᠤᠨ ᠳᠤ ᠥᠯᠥ ᠭᠦᠷᠦᠭᠰᠡᠳ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠬᠢᠭᠡᠳ | ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠬᠥᠮᠥᠵᠢᠭᠦᠯᠬᠦ ᠶᠢᠨ ᠲᠥᠯᠥᠭᠡ᠂ 2 ᠰᠠᠷ᠎ᠠ ᠶᠢᠨ 18 ᠤ ᠡᠳᠦᠷ᠂ | ᠲᠤᠰᠬᠠᠢ ᠵᠠᠮ ᠤᠨ ᠵᠡᠭᠡᠯᠢ ᠭᠤᠳᠤᠮᠵᠢ ᠶᠢᠨ ᠳ᠋ᠢᠩ ᠰᠢᠶᠠᠩ ᠵᠠᠮ ᠤᠨ ᠨᠡᠶᠢᠭᠡᠮ ᠲᠣᠭᠤᠷᠢᠭ ︽ᠡᠷᠡᠭᠦᠯ ᠬᠠᠮᠠᠭᠠᠯᠠᠯ ᠤᠨ | ᠴᠡᠭᠴᠡᠯᠡᠨ ᠵᠠᠰᠠᠯᠲᠠ ᠬᠢᠵᠦ ᠪᠠᠶᠢᠭ᠎ᠠ ᠠᠵᠢᠯᠯᠠᠭᠠᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ ᠬᠡᠷᠡᠭᠵᠢᠭᠦᠯᠬᠦ︾ ᠭᠤᠣᠯ | ᠰᠡᠳᠦᠪᠲᠦ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠪᠡ᠃ | | | | | | | | | | ᠠᠵᠢᠯᠯᠠᠭ᠎ᠠ ᠶᠢᠨ ᠲᠤᠬᠠᠢ ᠶᠢᠨ ᠡᠳᠦᠷ᠂ ᠨᠢᠭᠡ ᠪᠦᠯᠦᠭ ᠴᠤᠭ ᠪᠠᠳᠠᠷᠠᠩᠭᠤᠢ ᠪᠢᠴᠢᠬᠠᠨ ᠰᠠᠶᠢᠨ ᠳᠤᠷ᠎ᠠ ᠶᠢᠨ | ᠦᠢᠯᠡᠴᠢᠯᠡᠭᠴᠢᠳ᠂ ᠠᠷᠢᠭᠤᠨ ᠴᠡᠪᠡᠷ ᠤᠨ ᠪᠠᠭᠠᠵᠢ ᠬᠡᠷᠡᠭᠰᠡᠯ ᠪᠠᠷᠢᠵᠤ᠂ ᠵᠠᠮ ᠳᠠᠭᠠᠤ ᠶᠢᠨ ᠬᠤᠳᠠᠯᠳᠤᠭᠠᠨ ᠤ ᠵᠡᠭᠡᠯᠢ᠂ | ᠰᠠᠭᠤᠭᠠᠯᠢ ᠲᠣᠭᠤᠷᠢᠭ ᠤᠨ ᠠᠭᠤᠳᠠᠮ ᠲᠠᠯᠠᠪᠠᠶ᠂ ᠨᠣᠭᠤᠭᠠᠷᠠᠭᠤᠯᠤᠯᠲᠠ ᠶᠢᠨ ᠪᠦᠰᠡ ᠶᠢ ᠲᠤᠶᠢᠯᠪᠤᠷᠢᠲᠠᠢ ᠴᠡᠪᠡᠷᠯᠡᠪᠡ᠃ | ᠣᠯᠠᠨ ᠢᠶᠠᠷ ᠢᠶᠠᠨ ᠠᠵᠢᠯ ᠬᠤᠪᠢᠶᠠᠷᠢᠯᠠᠨ ᠬᠠᠮᠵᠢᠯᠴᠠᠵᠤ᠂ ᠵᠠᠷᠢᠮ ᠨᠢ ᠴᠠᠭᠠᠰᠤᠨ ᠦᠷᠦᠪᠳᠡᠰᠦ᠂ ᠲᠠᠮᠠᠬᠢᠨ ᠭᠠᠩᠰᠠ | ᠵᠡᠷᠭᠡ ᠵᠢᠵᠢᠭ ᠬᠤᠭ ᠨᠣᠪᠰᠢ ᠲᠡᠭᠦᠬᠦ ᠳᠤ ᠠᠩᠬᠠᠷᠤᠯ ᠢᠶᠠᠨ ᠲᠠᠯᠪᠢᠵᠤ᠂ ᠵᠠᠷᠢᠮ ᠨᠢ ᠲᠤᠰᠬᠠᠶᠢᠯᠠᠨ ᠡᠯᠳᠡᠪ ᠪᠣᠳᠠᠰ ᠢ | ᠴᠡᠪᠡᠷᠯᠡᠨ ᠠᠷᠢᠯᠭᠠᠳᠠᠭ᠃ | | | | | | | | | ᠲᠣᠰ ᠤᠳᠠᠭᠠᠨ ᠤ ᠠᠵᠢᠯᠯᠠᠭ᠎ᠠ ᠨᠠᠰᠤᠨ ᠳᠤ ᠥᠯᠥ ᠭᠦᠷᠦᠭᠰᠡᠳ ᠲᠤ ᠬᠥᠳᠡᠯᠮᠦᠷᠢ ᠶᠢᠨ ᠦᠨ᠎ᠡ ᠥᠷᠲᠡᠭ | ᠬᠢᠭᠡᠳ ᠣᠷᠴᠢᠨ ᠠᠬᠤᠢ ᠶᠢ ᠬᠠᠮᠠᠭᠠᠯᠠᠬᠤ ᠶᠢᠨ ᠴᠢᠬᠤᠯᠠ ᠴᠢᠨᠠᠷ ᠢ ᠣᠶᠢᠯᠠᠭᠠᠭᠤᠯᠵᠤ᠂ ᠲᠡᠳᠡᠨ ᠤ ᠨᠡᠶᠢᠭᠡᠮ ᠤᠨ | ᠬᠠᠷᠢᠭᠤᠴᠠᠯᠭᠠᠲᠤ ᠰᠡᠳᠬᠢᠯᠭᠡ ᠪᠠ ᠬᠠᠮᠲᠤ ᠶᠢᠨ ᠢᠷᠠᠭᠤ ᠠᠯᠳᠠᠷ ᠤᠨ ᠰᠡᠳᠬᠢᠯᠭᠡ ᠶᠢ ᠨᠡᠮᠡᠭᠳᠡᠭᠦᠯᠪᠡ᠃ ᠪᠢᠴᠢᠬᠠᠨ | ᠰᠠᠶᠢᠨ ᠳᠤᠷ᠎ᠠ ᠶᠢᠨ ᠦᠢᠯᠡᠴᠢᠯᠡᠭᠴᠢᠳ ᠢᠯᠡᠷᠬᠡᠶᠢᠯᠡᠬᠦ ᠳᠡᠭᠡᠨ᠂ ᠡᠨᠡ ᠤᠳᠠᠭᠠᠨ ᠤ ᠠᠵᠢᠯᠯᠠᠭ᠎ᠠ ᠬᠤᠲᠠ ᠶᠢᠨ ᠨᠢᠭᠡ | ᠠᠵᠢᠯᠲᠠᠨ ᠪᠣᠯᠤᠭᠰᠠᠨ ᠤ ᠬᠤᠪᠢ ᠳᠤ ᠲᠡᠳᠡᠨ ᠢ ᠭᠡᠷ ᠣᠷᠣᠨ ᠤ ᠰᠠᠶᠢᠨ ᠰᠠᠶᠢᠬᠠᠨ ᠢᠷᠡᠭᠡᠳᠦᠢ ᠳᠤ ᠬᠦᠴᠦᠨ | ᠴᠢᠳᠠᠯ ᠢᠶᠠᠨ ᠦᠷᠭᠦᠯᠵᠢᠯᠡᠨ ᠡᠷᠭᠦᠬᠦ ᠳᠤᠷᠠᠲᠠᠢ ᠪᠣᠯᠭᠠᠵᠠᠢ᠃ | | | | | ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | |