3900 ᠭᠠᠷᠤᠢ ᠠᠵᠢᠯᠲᠠᠨ ᠡᠯᠰᠡᠨ᠎ᠡ
ᠨᠡᠶᠢᠲᠡᠯᠡᠭᠰᠡᠨ ᠴᠠᠭ᠄
2025/2/21
      2025 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠤᠶᠠᠳᠤᠭᠠᠷ ᠪᠦᠯᠦᠭ ᠤᠨ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠨᠡᠷ᠎ᠡ ᠮᠡᠳᠡᠭᠦᠯᠬᠦ ᠠᠵᠢᠯ ᠤᠳᠠᠯ ᠦᠭᠡᠢ ᠡᠬᠢᠯᠡᠬᠦ ᠪᠣᠯᠣᠯ᠎ᠠ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ᠂ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠣᠶᠢᠷ᠎ᠠ ᠶᠢᠨ ᠬᠤᠭᠤᠴᠠᠭᠠᠨ ᠳᠤ 2025 ᠣᠨ ᠤ ᠵᠠᠰᠠᠭ ᠤᠨ ᠣᠷᠳᠣᠨ ᠤ ᠰᠢᠰᠲ᠋ᠧᠮ ᠤᠨ ᠬᠤᠶᠠᠳᠤᠭᠠᠷ ᠪᠦᠯᠦᠭ ᠤᠨ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠠᠵᠢᠯᠲᠠᠨ ᠡᠯᠰᠡᠬᠦ ᠨᠡᠷ᠎ᠡ ᠮᠡᠳᠡᠭᠦᠯᠬᠦ ᠠᠵᠢᠯ ᠢ ᠡᠬᠢᠯᠡᠭᠦᠯᠵᠦ᠂ ᠨᠡᠶᠢᠭᠡᠮ ᠨᠡᠶᠢᠲᠡ ᠠᠴᠠ 3900 ᠭᠠᠷᠤᠢ ᠠᠵᠢᠯᠲᠠᠨ ᠢᠯᠡ ᠪᠠᠷ ᠡᠯᠰᠡᠨ᠎ᠡ᠃ ᠠᠵᠢᠯᠲᠠᠨ ᠡᠯᠰᠡᠬᠦ ᠠᠯᠪᠠᠨ ᠵᠠᠷᠯᠠᠯ ᠵᠢᠴᠢ ᠠᠵᠢᠯ ᠤᠨ ᠪᠠᠶᠢᠷᠢ ᠶᠢᠨ ᠬᠦᠰᠦᠨᠦᠭᠲᠦ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ ᠶᠢ ᠣᠶᠢᠷ᠎ᠠ ᠶᠢᠨ ᠬᠤᠭᠤᠴᠠᠭᠠᠨ ᠳᠤ ᠨᠡᠶᠢᠲᠡᠯᠡᠬᠦ ᠪᠣᠯᠣᠨ᠎ᠠ᠃ ᠥᠷᠭᠡᠨ ᠣᠯᠠᠨ ᠨᠡᠷ᠎ᠡ ᠮᠡᠳᠡᠭᠦᠯᠦᠭᠰᠡᠳ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ᠠᠯᠪᠠᠨ ᠰᠦᠯᠵᠢᠶ᠎ᠡ᠂ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠰᠦᠯᠵᠢᠶ᠎ᠡ ᠵᠡᠷᠭᠡ ᠬᠠᠮᠢᠶ᠎ᠠ ᠪᠦᠬᠦᠢ ᠰᠦᠯᠵᠢᠶ᠎ᠡ ᠶᠢ ᠴᠠᠭ ᠲᠤᠬᠠᠢ ᠳᠤᠨᠢ ᠠᠩᠬᠠᠷᠤᠭᠠᠷᠠᠢ᠃
图片3.png
ᠵᠢᠷᠤᠭ ᠢ ᠲᠣᠪᠴᠢᠳᠠᠵᠤ ᠨᠠᠷᠢᠨ ᠠᠭᠤᠯᠭ᠎ᠠ ᠶᠢ ᠣᠶᠢᠯᠭᠠᠭᠠᠷᠠᠢ︕      ᠢᠷᠡᠯᠲᠡ᠄ ᠥᠪᠥᠷ ᠮᠣᠩᠭᠤᠯ ᠤᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠰᠦᠯᠵᠢᠶ᠎ᠡ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号