| | | | ︽ᠪᠢ ᠠᠩᠬ᠎ᠠ ᠥᠪᠥᠷ ᠮᠣᠩᠭᠤᠯ ᠳᠤ ᠢᠷᠡᠵᠦ ᠦᠢᠯᠡᠰ ᠪᠣᠰᠬᠠᠬᠤ ᠦᠶ᠎ᠡ ᠳᠤ᠂ ᠲᠦᠷᠢᠶᠡᠰᠦᠨ ᠮᠥᠩᠭᠦ᠂ | ᠤᠰᠤ᠂ ᠴᠠᠭᠢᠯᠭᠠᠨ ᠵᠡᠷᠭᠡ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠬᠦᠷᠲᠡᠵᠦ ᠪᠠᠶᠢᠭᠰᠠᠨ ᠢᠶᠠᠷ ᠪᠠᠷᠠᠬᠤ ᠦᠭᠡᠢ | ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠪᠠᠰᠠ ᠡᠯ᠎ᠡ ᠵᠦᠢᠯ ᠤᠨ ᠭᠠᠷ ᠭᠦᠢᠴᠡᠳᠬᠡᠯ ᠢ ᠢᠳᠡᠪᠬᠢᠲᠡᠢ | ᠬᠠᠪᠰᠤᠷᠤᠨ ᠭᠦᠢᠴᠡᠳᠬᠡᠵᠦ᠂ ᠮᠢᠨᠤ ᠰᠠᠨᠠᠭᠠᠰᠢᠷᠠᠯ ᠵᠣᠪᠠᠨᠢᠯ ᠢ ᠠᠷᠢᠯᠭᠠᠵᠤ᠂ ᠨᠠᠳᠠ ᠳᠤ ᠴᠢᠩ ᠰᠡᠳᠬᠢᠯ ᠤᠨ | ᠬᠠᠪᠰᠤᠷᠤᠯᠭ᠎ᠠ ᠪᠠ ᠬᠠᠯᠠᠮᠵᠢᠯᠠᠯ ᠦᠵᠡᠭᠦᠯᠦᠭᠰᠡᠨ︾ ᠭᠡᠵᠦ ᠪᠡᠭᠡᠵᠢᠩ ᠤᠨ ᠾᠧᠩ ᠳ᠋ᠦ᠋ ︵ᠭᠦᠭᠡᠬᠤᠲᠠ︶ | ᠬᠠᠤᠯᠢᠴᠢ ᠶᠢᠨ ᠬᠡᠷᠡᠭ ᠡᠷᠭᠢᠯᠡᠭᠦ ᠭᠠᠵᠠᠷ ᠤᠨ ᠭᠦᠢᠴᠡᠳᠬᠡᠬᠦ ᠡᠷᠭᠢᠯᠡᠭᠴᠢ ᠭᠤᠤ ᠸᠧᠢ ᠶᠠᠷᠢᠨ᠎ᠠ᠃ 2022 ᠣᠨ ᠳᠤ | ᠲᠡᠷᠡ ᠪᠡᠭᠡᠵᠢᠩ ᠳᠤ ᠠᠷᠪᠠ ᠭᠠᠷᠤᠢ ᠵᠢᠯ ᠲᠡᠮᠡᠴᠡᠵᠦ ᠪᠠᠶᠢᠭᠠᠳ ᠬᠤᠷᠠᠮᠳᠤᠭᠤᠯᠤᠭᠰᠠᠨ ᠡᠬᠢ ᠪᠠᠶᠠᠯᠢᠭ ᠢᠶᠠᠨ | ᠲᠠᠶᠠᠭᠳᠠᠵᠤ᠂ ᠥᠪᠥᠷ ᠮᠣᠩᠭᠤᠯ ᠳᠤ ᠢᠷᠡᠵᠦ ᠦᠢᠯᠡᠰ ᠪᠣᠰᠬᠠᠬᠤ ᠠᠶᠠᠨ ᠢᠶᠠᠨ ᠡᠬᠢᠯᠡᠭᠦᠯᠵᠡᠢ᠃ | | ᠡᠨᠡ ᠬᠦ ᠰᠣᠩᠭᠤᠯᠲᠠ ᠶᠢᠨ ᠠᠷᠤ ᠳᠤ ᠥᠪᠥᠷ ᠮᠣᠩᠭᠤᠯ ᠤᠨ ᠮᠠᠰᠢ ᠶᠡᠭᠡ ᠲᠠᠲᠠᠬᠤ ᠬᠦᠴᠦᠨ ᠲᠠᠢ | ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠪᠤᠢ᠂ ᠲᠡᠷᠡ ᠨᠢ ᠶᠠᠭ ᠨᠢᠭᠡ ᠬᠦᠴᠦᠲᠦ ᠰᠣᠷᠢᠨᠵᠢᠨ ᠰᠢᠭ᠋ ᠢᠶᠠᠷ ᠭᠤᠤ | ᠸᠧᠢ ᠮᠡᠲᠦ ᠶᠢᠨ ᠬᠦᠰᠡᠯ ᠵᠡᠭᠦᠳᠦ ᠪᠠ ᠬᠠᠷᠠᠯᠲᠠ ᠵᠣᠷᠢᠯᠲᠠ ᠲᠠᠢ ᠵᠠᠯᠠᠭᠤᠴᠤᠳ ᠢ ᠬᠦᠰᠡᠯ ᠡᠷᠡᠮᠡᠯᠵᠡᠯ ᠢᠶᠠᠷ | ᠪᠢᠯᠬᠠᠭᠰᠠᠨ ᠡᠨᠡ ᠬᠦ ᠡᠬᠡ ᠭᠠᠵᠠᠷ ᠲᠤ ᠢᠷᠡᠭᠦᠯᠵᠦ᠂ ᠡᠨᠡ ᠬᠦ ᠥᠷᠭᠡᠨ ᠠᠭᠤᠳᠠᠮ ᠨᠤᠲᠤᠭ ᠳᠡᠪᠢᠰᠬᠡᠷ ᠢ ᠥᠷᠭᠡᠨ | ᠤᠯᠠᠨ ᠵᠠᠯᠠᠭᠤᠴᠤᠳ ᠲᠠᠢ ᠨᠢᠭᠲᠠ ᠬᠤᠯᠪᠣᠵᠤ᠂ ᠥᠭᠡᠳᠡ ᠥᠭᠡᠳᠡ ᠠᠴᠠ ᠪᠠᠨ ᠲᠡᠮᠡᠦᠯᠬᠦ ᠶᠢ ᠪᠡᠶᠡᠯᠡᠭᠦᠯᠪᠡ᠃ | | ᠵᠠᠯᠠᠭᠤᠴᠤᠳ ᠪᠣᠯ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠦᠴᠦᠨ ᠪᠠ ᠲᠤᠯᠭᠠᠭᠤᠷᠢ | ᠬᠦᠴᠦᠨ ᠮᠥᠨ᠃ ᠲᠤᠶᠢᠯ ᠤᠨ ᠶᠡᠭᠡ ᠲᠠᠲᠠᠬᠤ ᠬᠦᠴᠦᠨ ᠲᠠᠢ ᠲᠦᠷᠦ ᠶᠢᠨ ᠪᠣᠳᠣᠯᠭ᠎ᠠ᠂ ᠳᠣᠲᠣᠨᠣ ᠬᠠᠯᠠᠮᠵᠢᠯᠠᠯ | ᠪᠣᠯᠣᠨ ᠪᠦᠷᠢᠨ ᠲᠡᠭᠦᠯᠳᠡᠷ ᠬᠥᠮᠥᠵᠢᠭᠦᠯᠬᠦ ᠰᠢᠰᠲ᠋ᠧᠮ ᠪᠠᠶᠢᠮᠠᠨᠵᠢᠨ ᠰᠠᠶ᠋ᠢ ᠨᠡᠩ ᠤᠯᠠᠨ ᠵᠠᠯᠠᠭᠤᠴᠤᠳ ᠢ ᠦᠯᠡᠳᠡᠭᠡᠵᠦ | ᠪᠠᠷᠠᠭᠤᠨ ᠣᠷᠣᠨ ᠳᠤ ᠦᠨᠳᠦᠰᠦᠯᠡᠭᠦᠯᠵᠦ᠂ ᠥᠪᠥᠷ ᠮᠣᠩᠭᠤᠯ ᠤᠨ ᠬᠥᠭᠵᠢᠯᠲᠡ ᠶᠢᠨ ᠭᠠᠯ ᠬᠠᠯᠠᠭᠤᠨ ᠬᠠᠨᠳᠤᠰᠢ ᠶᠢ | ᠦᠷᠭᠦᠯᠵᠢᠯᠡᠭᠦᠯᠵᠦ ᠴᠢᠳᠠᠨ᠎ᠠ ᠭᠡᠳᠡᠭ ᠢ ᠥᠪᠥᠷ ᠮᠣᠩᠭᠤᠯ ᠭᠦᠨ ᠣᠶᠢᠯᠠᠭᠠᠵᠤ ᠪᠠᠶᠢᠨ᠎ᠠ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠥᠮᠥᠵᠢᠭᠦᠯᠬᠦ᠂ | ᠦᠨᠡᠯᠡᠬᠦ᠂ ᠤᠷᠮᠠᠰᠢᠭᠤᠯᠬᠤ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠲᠣᠭᠤᠷᠢᠨ ᠳᠤ᠂ ᠣᠷᠣᠨ ᠨᠤᠲᠤᠭ ᠤᠨ | ᠣᠨᠴᠠᠯᠢᠭ ᠲᠠᠢ᠂ ᠪᠣᠳᠠᠲᠠᠢ ᠶᠢ ᠡᠷᠬᠢᠮᠯᠡᠭᠰᠡᠨ ᠬᠡᠷᠡᠭᠴᠡᠭᠡ ᠲᠠᠢ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ | ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠴᠢᠳᠠᠪᠤᠷᠢᠲᠠᠨ ᠳᠤ ᠥᠷᠭᠡᠨ ᠠᠭᠤᠳᠠᠮ ᠲᠠᠪᠴᠠᠩ | ᠬᠠᠩᠭᠠᠵᠠᠢ᠃ ᠢᠯᠠᠩᠭᠤᠶ᠎ᠠ 2024 ᠣᠨ ᠤ 7 ᠰᠠᠷ᠎ᠠ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ︽︿ᠴᠢᠳᠠᠪᠤᠷᠢᠲᠠᠨ ᠢᠶᠠᠷ ᠥᠪᠥᠷ ᠮᠣᠩᠭᠤᠯ ᠢ ᠮᠠᠨᠳᠤᠭᠤᠯᠬᠤ﹀ ᠢᠨᠵᠧᠨᠧᠷᠢᠩ ᠤᠨ ᠲᠥᠷᠥ ᠶᠢᠨ | ᠪᠣᠳᠣᠯᠭ᠎ᠠ ᠨᠤᠭᠤᠳ ᠢ ᠬᠡᠷᠡᠭᠵᠢᠭᠦᠯᠬᠦ ᠲᠤᠬᠠᠢ ᠰᠠᠨᠠᠯ︾ ᠢ ᠨᠡᠶᠢᠲᠡᠯᠡᠵᠦ᠂ ︽ᠲᠠᠯ᠎ᠠ ᠨᠤᠲᠤᠭ ᠤᠨ ᠴᠢᠳᠠᠪᠤᠷᠢᠲᠠᠨ︾ | ᠢᠨᠵᠧᠨᠧᠷᠢᠩ ᠢ ᠪᠦᠭᠦ ᠲᠠᠯ᠎ᠠ ᠪᠠᠷ ︽ᠴᠢᠳᠠᠪᠤᠷᠢᠲᠠᠨ ᠢᠶᠠᠷ ᠥᠪᠥᠷ ᠮᠣᠩᠭᠤᠯ ᠢ ᠮᠠᠨᠳᠤᠭᠤᠯᠬᠤ︾ ᠢᠨᠵᠧᠨᠧᠷᠢᠩ ᠪᠣᠯᠭᠠᠨ | ᠲᠠᠰ ᠳᠡᠪᠰᠢᠭᠦᠯᠦᠭᠰᠡᠨ ᠨᠢ ᠴᠢᠳᠠᠪᠤᠷᠢᠲᠠᠨ ᠢ ᠬᠦᠨᠳᠦᠳᠬᠡᠬᠦ᠂ ᠬᠠᠶᠢᠷᠠᠯᠠᠬᠤ ᠶᠢ ᠤᠯᠠᠮ ᠲᠣᠳᠣ ᠢᠯᠡᠷᠡᠭᠦᠯᠪᠡ᠃ | | ᠦᠢᠯᠡᠰ ᠪᠣᠰᠬᠠᠬᠤ ᠡᠬᠢᠨ ᠤ ᠬᠤᠭᠤᠴᠠᠭᠠᠨ ᠳᠤ ᠪᠣᠯᠪᠠᠰᠤᠷᠠᠯ ᠬᠦᠷᠲᠡᠵᠦ᠂ ᠭᠡᠷ ᠲᠦᠷᠢᠶᠡᠰᠦᠯᠡᠬᠦ ᠭᠡᠷ | ᠬᠤᠳᠠᠯᠳᠤᠨ ᠠᠪᠬᠤ ᠳᠤ ᠨᠥᠬᠦᠪᠦᠷᠢ ᠲᠠᠢ ᠪᠣᠯᠪᠠ ᠁ 2024 ᠣᠨ ᠳᠤ ᠭᠦᠭᠡᠬᠤᠲᠠ ᠶᠢᠨ ᠵᠠᠯᠠᠭᠤ | ᠴᠢᠳᠠᠪᠤᠷᠢᠲᠠᠨ ᠳᠤ ᠵᠣᠷᠢᠭᠤᠯᠤᠨ ᠲᠣᠭᠲᠠᠭᠠᠭᠰᠠᠨ ᠠᠯᠢ ᠣᠯᠠᠨ ︽ᠲᠥᠷᠥ ᠶᠢᠨ ᠪᠣᠳᠣᠯᠭ᠎ᠠ ᠶᠢᠨ ᠦᠢᠯᠡᠴᠢᠯᠡᠭᠡᠨ ᠤ | ᠪᠡᠯᠡᠭ︾ ᠨᠢ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠨᠢᠯᠴᠠᠭᠤᠯᠬᠤ ᠬᠤᠷᠠᠯ ᠳᠡᠭᠡᠷ᠎ᠡ ᠤᠯᠠᠨ ᠤ | ᠠᠩᠬᠠᠷᠤᠯ ᠢ ᠬᠦᠴᠦᠲᠡᠢ ᠲᠠᠲᠠᠪᠠ᠂ ︽10 ᠵᠤᠷᠪᠤᠰ ᠴᠢᠳᠠᠪᠤᠷᠢᠲᠠᠨ ᠤ ᠰᠢᠨ᠎ᠡ ᠲᠥᠷᠥ ᠶᠢᠨ ᠪᠣᠳᠣᠯᠭ᠎ᠠ︾᠂ | ︽ᠴᠢᠳᠠᠪᠤᠷᠢᠲᠠᠨ ᠢ ᠤᠷᠢᠵᠤ ᠴᠢᠳᠠᠪᠤᠷᠢᠲᠠᠨ ᠢ ᠦᠯᠡᠳᠡᠭᠡᠬᠦ 18 ᠵᠤᠷᠪᠤᠰ︾ ᠵᠡᠷᠭᠡ ᠦᠨ᠎ᠡ ᠴᠠᠨ᠎ᠠ ᠲᠠᠢ ᠲᠥᠷᠥ ᠶᠢᠨ | ᠪᠣᠳᠣᠯᠭ᠎ᠠ ᠶᠢᠨ ᠢᠵᠢ ᠦᠢᠯᠡᠴᠢᠯᠡᠭᠡ ᠨᠢ ᠦᠢ ᠣᠯᠠᠨ ᠲᠡᠭᠦᠰᠬᠦ ᠣᠶᠤᠲᠠᠳ ᠤᠨ ᠠᠩᠬᠠᠷᠤᠯ ᠢ ᠲᠠᠲᠠᠭᠰᠠᠨ ᠪᠠᠶᠢᠨ᠎ᠠ᠃ | | | ︽ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠯ ᠨᠢ ᠪᠢᠳᠡᠨ ᠤ ᠠᠵᠢᠯ ᠤᠨ ᠢᠶᠠᠨ ᠤᠬᠠᠭᠠᠨ ᠢ | ᠣᠯᠬᠤ ᠦᠭᠡᠢ ᠪᠠᠶᠢᠳᠠᠯ ᠢ ᠰᠢᠢᠳᠪᠦᠷᠢᠯᠡᠵᠦ᠂ ᠭᠡᠷ ᠲᠦᠷᠢᠶᠡᠰᠦᠯᠡᠬᠦ ᠭᠡᠷ ᠬᠤᠳᠠᠯᠳᠤᠨ ᠠᠪᠬᠤ ᠨᠥᠬᠦᠪᠦᠷᠢ ᠨᠢ ᠠᠵᠤ | ᠠᠬᠤᠢ ᠶᠢᠨ ᠳᠠᠷᠤᠭᠠᠰᠤ ᠶᠢ ᠬᠥᠩᠭᠡᠷᠡᠭᠦᠯᠵᠡᠢ᠂ ᠡᠨᠡ ᠬᠦ ᠦᠨᠡᠨ ᠪᠣᠳᠠᠲᠠᠢ ᠴᠢᠳᠠᠪᠤᠷᠢᠲᠠᠨ ᠢ ᠤᠷᠢᠬᠤ ᠲᠥᠷᠥ ᠶᠢᠨ | ᠪᠣᠳᠣᠯᠭ᠎ᠠ ᠣᠨᠴᠠᠭᠠᠶ ᠲᠠᠲᠠᠬᠤ ᠬᠦᠴᠦᠨ ᠲᠠᠢ ᠪᠠᠶᠢᠨ᠎ᠠ︾ ᠭᠡᠵᠦ ᠠᠵᠢᠯᠲᠠᠨ ᠡᠯᠰᠡᠬᠦ ᠴᠤᠭᠯᠠᠭᠠᠨ ᠤ ᠠᠬᠤᠢ | ᠲᠠᠯᠠᠪᠠᠶ ᠳᠠᠬᠢ ᠣᠶᠤᠲᠠᠳ ᠴᠢᠩ ᠰᠡᠳᠬᠢᠯ ᠠᠴᠠ ᠪᠠᠨ ᠮᠠᠭᠲᠠᠨ ᠰᠠᠶᠢᠰᠢᠶᠠᠵᠤ ᠪᠠᠶᠢᠯ᠎ᠠ᠃ | | ᠡᠭᠦᠨ ᠠᠴᠠ ᠭᠠᠳᠠᠨ᠎ᠠ ᠪᠦᠭᠦ ᠣᠷᠣᠨ ᠤ ᠡᠯ᠎ᠡ ᠠᠶᠢᠮᠠᠭ ᠬᠤᠲᠠ᠂ ᠡᠯ᠎ᠡ ᠰᠠᠯᠠᠭ᠎ᠠ ᠮᠥᠴᠢᠷ ᠤᠨ ᠬᠢᠨ | ᠵᠠᠯᠭᠠᠭ᠎ᠠ ᠪᠠᠷ ︽ᠴᠢᠳᠠᠪᠤᠷᠢᠲᠠᠨ ᠤᠷᠢᠬᠤ ᠡᠷᠳᠡᠮ︾ ᠢᠶᠠᠨ ᠭᠠᠶᠢᠬᠠᠭᠤᠯᠤᠨ᠎ᠠ᠃ ᠠᠵᠤ ᠠᠬᠤᠶᠢᠯᠠᠯ ᠤᠳ ᠨᠡᠶᠢᠭᠡᠮ ᠤᠨ | ᠳᠠᠭᠠᠳᠬᠠᠯ ᠤᠨ ᠨᠥᠬᠦᠪᠦᠷᠢ ᠶᠢ ᠰᠢᠩᠭᠡᠬᠡᠨ ᠠᠪᠴᠤ᠂ ᠠᠵᠤ ᠠᠬᠤᠶᠢᠯᠠᠯ ᠳᠤ ᠴᠢᠳᠠᠪᠤᠷᠢᠲᠠᠨ ᠤᠷᠢᠬᠤ ᠬᠥᠳᠡᠯᠭᠡᠬᠦ | ᠬᠦᠴᠦᠨ ᠨᠡᠮᠡᠷᠢᠯᠡᠪᠡ︔ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢᠨ ᠨᠥᠬᠦᠪᠦᠷᠢ ᠶᠢ ᠳᠠᠶᠢᠴᠢᠯᠠᠵᠤ᠂ ᠦᠢᠯᠡᠰ | ᠪᠣᠰᠬᠠᠭᠴᠢ ᠶᠢᠨ ᠠᠮᠢᠵᠢᠷᠠᠯ ᠤᠨ ᠬᠦᠴᠦᠨ ᠢ ᠤᠯᠠᠮ ᠬᠥᠭᠵᠢᠭᠡᠪᠡ︔ ᠡᠷᠦᠭᠡ ᠠᠮᠠ ᠶᠢᠨ ᠳᠠᠩᠰᠠ ᠶᠢᠨ ᠳᠦᠷᠢᠮ ᠤᠨ | ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠴᠢᠳᠠᠪᠤᠷᠢᠲᠠᠨ ᠤ ᠠᠭᠤᠰᠤᠯᠴᠠᠯ ᠢ ᠨᠡᠩ ᠳᠥᠭᠦᠮ ᠳᠥᠲᠡ ᠪᠣᠯᠭᠠᠪᠠ ᠁ | ᠡᠳᠡᠭᠡᠷ ᠰᠡᠳᠬᠢᠯ ᠢ ᠳᠤᠯᠠᠭᠠᠴᠠᠭᠤᠯᠤᠭᠰᠠᠨ ᠲᠥᠷᠥ ᠶᠢᠨ ᠪᠣᠳᠣᠯᠭ᠎ᠠ ᠨᠢ ᠥᠷᠭᠡᠨ ᠣᠯᠠᠨ ᠵᠠᠯᠠᠭᠤ | ᠴᠢᠳᠠᠪᠤᠷᠢᠲᠠᠨ ᠳᠤ ︽ᠤᠮᠠᠷᠠᠲᠤ ᠬᠢᠯᠢ ᠶᠢᠨ ᠡᠷᠬᠢᠮ ᠬᠠᠷᠠᠭᠠᠯᠵᠠᠯ︾ ᠢ ᠭᠦᠢᠴᠡᠳ ᠡᠳ᠋ᠯᠡᠭᠦᠯᠵᠦ᠂ ᠥᠪᠥᠷ ᠮᠣᠩᠭᠤᠯ ᠤᠨ | ᠴᠢᠩ ᠰᠡᠳᠬᠢᠯ ᠪᠣᠯᠣᠨ ᠬᠠᠯᠠᠭᠤᠨ ᠰᠠᠨᠠᠭ᠎ᠠ ᠶᠢ ᠮᠡᠳᠡᠷᠡᠭᠦᠯᠵᠦ ᠪᠠᠶᠢᠨ᠎ᠠ᠃ | | ᠤᠶᠠᠩᠭᠠᠲᠤ ᠮᠣᠳᠣ ᠪᠠᠨ ᠵᠠᠶᠢᠯᠠᠵᠤ᠂ ᠭᠠᠷᠤᠳᠢ ᠭᠠᠯᠪᠢᠩᠭ᠎ᠠ ᠶᠢ ᠬᠦᠯᠢᠶᠡᠮᠦᠢ᠃ ᠡᠬᠡ ᠤᠯᠤᠰ ᠤᠨ ᠤᠮᠠᠷᠠᠲᠤ | ᠬᠢᠯᠢ ᠶᠢᠨ ᠡᠬᠡ ᠭᠠᠵᠠᠷ ᠲᠤ ᠲᠦᠷᠦ ᠶᠢᠨ ᠪᠣᠳᠣᠯᠭ᠎ᠠ ᠲᠠᠢ᠂ ᠦᠢᠯᠡᠴᠢᠯᠡᠭᠡ ᠲᠠᠢ᠂ ᠵᠠᠬ᠎ᠠ ᠳᠡᠯᠭᠡᠭᠦᠷ ᠲᠠᠢ᠂ ᠠᠵᠤ | ᠦᠢᠯᠡᠰ ᠲᠠᠢ ᠪᠠᠶᠢᠵᠤ᠂ ᠠᠯᠢ ᠬᠡᠳᠦᠶᠢᠨ ᠵᠠᠯᠠᠭᠤ ᠴᠢᠳᠠᠪᠤᠷᠢᠲᠠᠳ ᠤᠨ ᠦᠢᠯᠡᠰ ᠪᠣᠰᠬᠠᠵᠤ ᠦᠢᠯᠡᠰ ᠡᠷᠭᠢᠯᠡᠭᠦ | ᠬᠠᠯᠠᠭᠤᠨ ᠬᠥᠷᠥᠰᠥ ᠪᠣᠯᠵᠠᠢ᠃ ︽ᠥᠨᠥᠳᠥᠷ ᠤᠨ ᠥᠪᠥᠷ ᠮᠣᠩᠭᠤᠯ ᠳᠤ ᠥᠩᠭᠡᠷᠡᠭᠰᠡᠨ ᠤ ᠠᠯᠢ ᠴᠤ ᠦᠶ᠎ᠡ ᠠᠴᠠ | ᠢᠯᠡᠭᠦᠦ ᠴᠢᠳᠠᠪᠤᠷᠢᠲᠠᠨ ᠱᠠᠭᠠᠷᠳᠠᠭᠳᠠᠨ᠎ᠠ︾ ᠭᠡᠵᠦ ᠥᠪᠡᠷᠲᠡᠭᠡᠨ ᠵᠠᠰᠠᠬᠤ ᠣᠷᠣᠨ ᠤ ᠡᠪᠯᠡᠯ ᠤᠨ ᠬᠤᠷᠢᠶ᠎ᠠ ᠶᠢᠨ | ᠱᠦᠵᠢ ᠴᠢᠶᠣᠤ ᠯᠢ ᠬᠡᠯᠡᠪᠡ᠃ | | ᠵᠠᠯᠠᠭᠤᠴᠤᠳ ᠠᠵᠠ ᠲᠣᠭᠢᠶᠠᠯ ᠢᠶᠠᠷ ᠤᠴᠠᠷᠠᠨ ᠵᠣᠯᠭᠠᠵᠤ᠂ ᠪᠠᠷᠠᠭᠤᠨ ᠣᠷᠣᠨ ᠤ ᠬᠢᠨ ᠠᠮᠢᠵᠢᠷᠠᠯ ᠤᠨ | ᠬᠦᠴᠦᠨ ᠢᠶᠠᠷ ᠬᠥᠭᠵᠢᠨ ᠴᠡᠴᠡᠭᠯᠡᠨ᠎ᠡ᠃ ︽ᠭᠤᠷᠪᠠ ᠶᠢ ᠳᠡᠮᠵᠢᠵᠦ ᠨᠢᠭᠡ ᠶᠢ ᠲᠡᠳᠬᠦᠬᠦ︾᠂ ︽ᠪᠠᠷᠠᠭᠤᠨ ᠣᠷᠣᠨ ᠤ | ᠲᠥᠯᠥᠪᠯᠡᠭᠡ︾᠂ ︽ᠪᠠᠭᠰᠢ ᠶᠢᠨ ᠣᠨᠴᠠᠭᠠᠶ ᠠᠵᠢᠯ ᠤᠨ ᠪᠠᠶᠢᠷᠢ ᠶᠢᠨ ᠲᠥᠯᠥᠪᠯᠡᠭᠡ︾᠂ ︽ᠣᠶᠤᠲᠠᠨ ᠬᠥᠳᠡᠭᠡ | ᠲᠣᠰᠬᠤᠨ ᠤ ᠡᠮᠴᠢ ᠶᠢᠨ ᠲᠤᠰᠬᠠᠢ ᠲᠥᠯᠥᠪᠯᠡᠭᠡ︾ ᠵᠡᠷᠭᠡ ᠦᠨᠳᠦᠰᠦᠨ ᠱᠠᠲᠤᠨ ᠤ ᠦᠢᠯᠡᠴᠢᠯᠡᠭᠡᠨ ᠤ ᠲᠥᠷᠥᠯ | ᠵᠦᠢᠯ ᠨᠢ ᠴᠦ ᠦᠢ ᠣᠯᠠᠨ ᠶᠡᠭᠡ ᠳᠡᠭᠡᠳᠦ ᠰᠤᠷᠭᠠᠭᠤᠯᠢ ᠶᠢᠨ ᠰᠤᠷᠤᠬᠴᠢᠳ ᠲᠤ ᠥᠪᠡᠷᠮᠢᠴᠡ ᠦᠰᠦᠨ ᠪᠣᠶᠢᠵᠢᠬᠤ | ᠵᠠᠮ ᠱᠤᠭᠤᠮ ᠢ ᠡᠭᠦᠳᠦᠨ ᠥᠭᠴᠦ᠂ ᠥᠪᠥᠷ ᠮᠣᠩᠭᠤᠯ ᠬᠢᠭᠡᠳ ᠦᠢ ᠣᠯᠠᠨ ᠵᠠᠯᠠᠭᠤᠴᠤᠳ ᠤᠨ ᠥᠭᠡᠳᠡ | ᠥᠭᠡᠳᠡ ᠠᠴᠠ ᠪᠠᠨ ᠲᠡᠮᠡᠦᠯᠬᠦ ᠬᠠᠮᠤᠭ ᠤᠨ ᠰᠠᠶᠢᠨ ᠰᠠᠶᠢᠬᠠᠨ ᠢ ᠭᠡᠷᠡᠴᠢᠯᠡᠵᠦ ᠪᠠᠶᠢᠨ᠎ᠠ᠃ 2003 ᠣᠨ ᠠᠴᠠ | ᠨᠠᠭᠠᠰᠢ᠂ ᠨᠡᠶᠢᠳᠡ 16831 ᠣᠶᠤᠲᠠᠨ ᠰᠠᠶᠢᠨ ᠳᠤᠷ᠎ᠠ ᠶᠢᠨ ᠠᠵᠢᠯᠯᠠᠭᠴᠢ ᠥᠪᠥᠷ ᠮᠣᠩᠭᠤᠯ ᠳᠤ ᠬᠦᠷᠴᠦ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠰᠠᠭᠤᠷᠢ ᠰᠤᠷᠭᠠᠨ ᠬᠥᠮᠦᠵᠢᠯ᠂ ᠡᠮᠴᠢᠯᠡᠭᠡ ᠡᠷᠡᠭᠦᠯ | ᠬᠠᠮᠠᠭᠠᠯᠠᠯ᠂ ᠦᠨᠳᠦᠰᠦᠨ ᠱᠠᠲᠤᠨ ᠤ ᠵᠠᠰᠠᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠤᠯᠤᠰ ᠢᠶᠠᠨ | ᠬᠠᠮᠠᠭᠠᠯᠠᠵᠤ ᠬᠢᠯᠢ ᠬᠢᠵᠠᠭᠠᠷ ᠢᠶᠠᠨ ᠰᠠᠬᠢᠬᠤ᠂ ᠪᠠᠴᠢᠮ ᠪᠠᠶᠢᠳᠠᠯ ᠢ ᠠᠷᠭᠠᠴᠠᠭᠠᠵᠤ ᠠᠪᠤᠷᠠᠨ ᠲᠤᠰᠠᠯᠠᠬᠤ᠂ ᠠᠮᠢ | ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠤ ᠰᠠᠶᠢᠨ ᠳᠤᠷ᠎ᠠ ᠶᠢᠨ ᠦᠢᠯᠡᠴᠢᠯᠡᠭᠡ ᠶᠢ | ᠥᠷᠨᠢᠭᠦᠯᠵᠦ᠂ 6000 ᠭᠠᠷᠤᠢ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ | ᠦᠢᠯᠡᠴᠢᠯᠡᠭᠡᠨ ᠤ ᠬᠤᠭᠤᠴᠠᠭ᠎ᠠ ᠨᠢ ᠳᠠᠭᠤᠰᠤᠭᠰᠠᠨ ᠤ ᠳᠠᠷᠠᠭ᠎ᠠ ᠥᠪᠥᠷ ᠮᠣᠩᠭᠤᠯ ᠳᠤ ᠦᠯᠡᠳᠡᠵᠦ ᠠᠵᠢᠯᠯᠠᠬᠤ ᠶᠢ | ᠰᠣᠩᠭᠤᠵᠠᠢ᠃ | | ᠵᠠᠩ ᠢᠦᠢ ᠪᠣᠯ ᠲᠡᠲᠡᠨ ᠤ ᠳᠤᠮᠳᠠᠬᠢ ᠨᠢᠭᠡ ᠭᠡᠰᠢᠭᠦᠨ ᠶᠤᠮ᠃ 9 ᠵᠢᠯ ᠤᠨ ᠡᠮᠦᠨ᠎ᠡ᠂ ᠪᠡᠭᠡᠵᠢᠩ ᠤᠨ | ᠬᠢᠮᠢ ᠶᠢᠨ ᠠᠵᠤ ᠦᠢᠯᠡᠳᠪᠦᠷᠢ ᠶᠢᠨ ᠶᠡᠭᠡ ᠰᠤᠷᠭᠠᠭᠤᠯᠢ ᠶᠢᠨ ᠬᠤᠶᠠᠳᠤᠭᠠᠷ ᠬᠤᠭᠤᠴᠠᠭᠠᠨ ᠤ ᠠᠰᠫᠢᠷᠠᠨᠲ ᠤᠨ | ᠰᠤᠷᠭᠠᠨ ᠬᠥᠮᠦᠵᠢᠯ ᠢ ᠳᠡᠮᠵᠢᠬᠦ ᠪᠦᠯᠭᠦᠮ ᠤᠨ ᠳᠠᠷᠤᠭ᠎ᠠ ᠵᠠᠩ ᠢᠦᠢ ᠪᠠᠷᠠᠭᠤᠨ ᠣᠷᠣᠨ ᠤ ᠲᠥᠯᠥᠪᠯᠡᠭᠡ ᠶᠢᠨ | ᠲᠥᠷᠥᠯ ᠵᠦᠢᠯ ᠢᠶᠠᠷ ᠳᠠᠮᠵᠢᠨ ᠲᠦᠩᠯᠢᠶᠣᠣ ᠬᠤᠲᠠ ᠶᠢᠨ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ ᠳᠤ | ᠰᠤᠷᠭᠠᠨ ᠬᠥᠮᠦᠵᠢᠯ ᠢ ᠳᠡᠮᠵᠢᠬᠦ ᠪᠠᠷ ᠢᠷᠡᠪᠡ᠃ 2023 ᠣᠨ ᠳᠤ᠂ ᠵᠠᠩ ᠢᠦᠢ ᠬᠤᠷᠴᠢᠨ ᠵᠡᠭᠦᠨ ᠭᠠᠷᠤᠨ | ᠳᠤᠮᠳᠠᠳᠤ ᠬᠤᠰᠢᠭᠤᠨ ᠤ ᠬᠤᠸᠠ ᠲᠤᠭᠤᠯ ᠪᠠᠯᠭᠠᠰᠤᠨ ᠤ ᠬᠠᠨ ᠵᠢᠶᠠ ᠸᠧ ᠫᠦ᠋ ᠭᠠᠴᠠᠭ᠎ᠠ ᠳᠤ ᠬᠦᠷᠴᠦ᠂ | ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠪᠥᠭᠡᠳ ᠠᠵᠢᠯᠯᠠᠬᠤ ᠠᠩᠭᠢ ᠶᠢᠨ ᠳᠠᠷᠤᠭ᠎ᠠ ᠶᠢᠨ ᠲᠤᠰᠢᠶᠠᠯ ᠢ | ᠡᠭᠦᠷᠭᠡᠯᠡᠪᠡ᠃ ᠬᠠᠨ ᠵᠢᠶᠠ ᠸᠧ ᠫᠦ᠋ ᠭᠠᠴᠠᠭᠠᠨ ᠤ ᠳᠠᠭᠢᠨ ᠶᠠᠳᠠᠭᠤᠷᠠᠬᠤ ᠶᠢ ᠬᠢᠨᠠᠨ ᠬᠡᠮᠵᠢᠬᠦ ᠡᠲᠡᠭᠡᠳ ᠤᠨ ᠳᠠᠭᠢᠨ | ᠶᠠᠳᠠᠭᠤᠷᠠᠬᠤ ᠠᠶᠤᠯ ᠲᠦᠭᠰᠢᠭᠦᠷᠢ ᠠᠷᠢᠯᠤᠭᠰᠠᠨ ᠤ ᠳᠠᠷᠠᠭ᠎ᠠ᠂ ᠵᠠᠩ ᠢᠦᠢ 2024 ᠣᠨ ᠤ 10 ᠰᠠᠷ᠎ᠠ ᠳᠤ | ᠰᠠᠨᠠᠭᠠᠴᠢᠯᠠᠭ᠎ᠠ ᠠᠴᠠ ᠪᠠᠨ ᠭᠤᠶᠤᠴᠢᠯᠠᠵᠤ᠂ ᠨᠥᠬᠦᠴᠡᠯ ᠢᠶᠠᠷ ᠨᠠᠩ ᠬᠠᠲᠠᠭᠤᠵᠢᠯᠲᠠᠢ ᠰᠢᠳᠠᠢ ᠰᠤᠮᠤ ᠶᠢᠨ ᠪᠠᠷᠠᠭᠤᠨ | ᠮᠣᠳᠣ ᠭᠠᠴᠠᠭ᠎ᠠ ᠳᠤ ᠣᠴᠢᠪᠠ᠃ | | ᠵᠠᠩ ᠢᠦᠢ᠄ ︽ᠮᠢᠨᠤ ᠥᠪᠥᠷ ᠮᠣᠩᠭᠤᠯ ᠯᠤᠭ᠎ᠠ ᠶᠢᠨ ᠬᠤᠪᠢ ᠪᠠᠷᠢᠯᠳᠤᠯᠭ᠎ᠠ ᠪᠠᠷᠠᠭᠤᠨ ᠣᠷᠣᠨ ᠤ | ᠲᠥᠯᠥᠪᠯᠡᠭᠡ ᠠᠴᠠ ᠢᠷᠡᠯᠲᠡ ᠲᠠᠢ᠂ ᠡᠳᠡᠭᠡᠷ ᠵᠢᠯ ᠤᠳ ᠲᠤ᠂ ᠥᠪᠥᠷ ᠮᠣᠩᠭᠤᠯ ᠮᠢᠨᠤ ᠦᠰᠦᠨ ᠪᠤᠶᠢᠵᠢᠯᠲᠠ ᠶᠢ | ᠭᠡᠷᠡᠴᠢᠯᠡᠭᠰᠡᠨ ᠶᠤᠮ᠂ ᠪᠢ ᠪᠠᠰᠠ ᠥᠪᠥᠷ ᠮᠣᠩᠭᠤᠯ ᠤᠨ ᠬᠥᠳᠡᠭᠡ ᠲᠣᠰᠬᠤᠨ ᠤ ᠬᠤᠪᠢᠷᠠᠯᠲᠠ ᠶᠢ ᠨᠢᠳᠦ ᠪᠠᠷ ᠢᠶᠠᠨ | ᠦᠵᠡᠵᠦ᠂ ᠠᠷᠠᠳ ᠲᠦᠮᠡᠨ ᠤ ᠠᠮᠢᠳᠤᠷᠠᠯ ᠤᠯᠠᠮ ᠠᠴᠠ ᠤᠯᠠᠮ ᠰᠠᠶᠢᠵᠢᠷᠠᠵᠤ ᠪᠠᠶᠢᠬᠤ ᠶᠢ ᠬᠠᠷᠠᠭᠠᠳ ᠬᠦᠴᠦ | ᠬᠥᠯᠥᠰᠦ ᠤᠷᠤᠰᠬᠠᠭᠰᠠᠨ ᠮᠠᠨᠢ ᠪᠡᠨ᠎ᠡ ᠲᠠᠢ ᠭᠡᠵᠦ ᠪᠤᠳᠤᠵᠦ ᠪᠠᠶᠢᠨ᠎ᠠ︾ ᠭᠡᠪᠡ᠃ | | ᠡᠭᠦᠨ ᠤ ᠬᠠᠮᠲᠤ᠂ ᠥᠪᠥᠷ ᠮᠣᠩᠭᠤᠯ ᠤᠨ ᠡᠯ᠎ᠡ ᠶᠡᠭᠡ ᠳᠡᠭᠡᠳᠦ ᠰᠤᠷᠭᠠᠭᠤᠯᠢ ᠨᠢ ᠠᠵᠢᠯ ᠮᠡᠷᠭᠡᠵᠢᠯ ᠤᠨ | ᠠᠮᠢᠳᠤᠷᠠᠯ ᠤᠨ ᠰᠤᠷᠭᠠᠨ ᠬᠥᠮᠦᠵᠢᠯ ᠪᠠ ᠠᠵᠢᠯ ᠣᠯᠭᠤᠯᠲᠠ ᠶᠢ ᠵᠢᠯᠤᠭᠤᠳᠬᠤ ᠬᠢᠴᠢᠶᠡᠯ ᠤᠨ ᠪᠠᠶᠢᠭᠤᠯᠤᠯᠲᠠ ᠪᠠᠨ | ᠴᠢᠩᠭᠠᠳᠬᠠᠵᠤ᠂ ᠪᠦᠭᠦ ᠤᠯᠤᠰ ᠤᠨ ᠣᠶᠤᠲᠠᠳ ᠤᠨ ᠠᠵᠢᠯ ᠮᠡᠷᠭᠡᠵᠢᠯ ᠤᠨ ᠲᠥᠯᠦᠪᠵᠢᠭᠦᠯᠭᠡ ᠶᠢᠨ ᠤᠷᠤᠯᠳᠤᠭᠠᠨ ᠢ | ᠰᠠᠶᠢᠲᠤᠷ ᠡᠷᠭᠢᠯᠡᠵᠦ᠂ ᠠᠵᠢᠯ ᠣᠯᠭᠤᠯᠲᠠ ᠪᠠ ᠬᠥᠮᠥᠨ ᠬᠥᠮᠥᠵᠢᠭᠦᠯᠬᠦ ᠰᠢᠷᠢᠰ ᠰᠤᠷᠭᠠᠨ ᠬᠥᠮᠦᠵᠢᠯ ᠤᠨ | ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠣᠶᠤᠲᠠᠳ ᠤᠨ ᠠᠵᠢᠯ ᠮᠡᠷᠭᠡᠵᠢᠯ ᠤᠨ ᠠᠮᠢᠳᠤᠷᠠᠯ ᠤᠨ | ᠲᠥᠯᠦᠪᠵᠢᠭᠦᠯᠭᠡ ᠶᠢᠨ ᠤᠬᠠᠮᠰᠠᠷ ᠪᠠ ᠠᠵᠢᠯ ᠡᠷᠢᠬᠦ ᠦᠢᠯᠡᠳᠦᠯᠭᠡ ᠶᠢᠨ ᠴᠢᠳᠠᠪᠤᠷᠢ ᠶᠢ ᠨᠡᠮᠡᠭᠳᠡᠭᠦᠯᠪᠡ᠃ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠳᠡᠭᠡᠳᠦ ᠰᠤᠷᠭᠠᠭᠤᠯᠢ ᠶᠢᠨ ᠣᠶᠤᠲᠠᠳ ᠤᠨ ᠠᠵᠢᠯ ᠣᠯᠵᠤ | ᠦᠢᠯᠡᠰ ᠪᠣᠰᠬᠠᠬᠤ ᠦᠢᠯᠡᠴᠢᠯᠡᠭᠡᠨ ᠤ ᠲᠥᠪ ᠤᠨ ᠡᠷᠭᠢᠯᠡᠭᠴᠢ ᠢᠦᠢ ᠷᠦᠩ ᠵᠢᠤᠸᠠᠨ᠂ ᠵᠠᠯᠭᠠᠭᠠᠳ ︽ᠶᠡᠭᠡ ᠳᠡᠭᠡᠳᠦ | ᠰᠤᠷᠭᠠᠭᠤᠯᠢ ᠶᠢᠨ ᠱᠦᠵᠢ ᠰᠤᠷᠭᠠᠭᠤᠯᠢ ᠶᠢᠨ ᠵᠠᠬᠢᠷᠤᠯ ᠠᠵᠤ ᠠᠬᠤᠶᠢᠯᠠᠯ ᠢ ᠰᠤᠷᠪᠤᠯᠵᠢᠯᠠᠨ ᠠᠵᠢᠯ ᠤᠨ ᠪᠠᠶᠢᠷᠢ ᠶᠢ | ᠥᠷᠭᠡᠳᠬᠡᠵᠦ ᠠᠵᠢᠯ ᠣᠯᠭᠤᠯᠲᠠ ᠶᠢ ᠠᠬᠢᠭᠤᠯᠬᠤ︾ ᠵᠡᠷᠭᠡ ᠠᠵᠢᠯᠯᠠᠭ᠎ᠠ ᠶᠢ ᠭᠦᠨᠵᠡᠭᠡᠢ ᠠᠬᠢᠭᠤᠯᠬᠤ ᠰᠠᠭᠤᠷᠢᠨ | ᠳᠡᠭᠡᠷ᠎ᠡ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠢᠳᠡᠪᠬᠢᠲᠡᠢ ᠵᠣᠯᠭᠠᠭᠤᠯᠵᠤ᠂ ᠭᠤᠣᠯᠳᠠᠯᠭ᠎ᠠ ᠲᠠᠢ ᠠᠵᠤ | ᠦᠢᠯᠡᠰ ᠠᠵᠢᠯ ᠲᠥᠷᠥᠯ ᠤᠨ ᠬᠥᠮᠥᠨ ᠬᠡᠷᠡᠭᠯᠡᠬᠦ ᠬᠡᠷᠡᠭᠴᠡᠭᠡ ᠶᠢ ᠣᠶᠢᠯᠠᠭᠠᠵᠤ᠂ ︽ᠲᠦᠮᠡᠨ ᠠᠵᠤ ᠠᠬᠤᠶᠢᠯᠠᠯ | ᠰᠤᠷᠭᠠᠭᠤᠯᠢ ᠶᠢᠨ ᠬᠦᠷᠢᠶᠡᠨ ᠳᠤ ᠣᠷᠣᠬᠤ︾ ᠵᠡᠷᠭᠡ ᠲᠤᠰᠬᠠᠢ ᠠᠵᠢᠯᠯᠠᠭ᠎ᠠ ᠶᠢ ᠭᠦᠨᠵᠡᠭᠡᠢ ᠠᠬᠢᠭᠤᠯᠵᠤ᠂ ᠠᠵᠢᠯ | ᠲᠥᠷᠥᠯ ᠬᠤᠪᠢᠶᠠᠭᠰᠠᠨ᠂ ᠲᠠᠰ ᠳᠠᠪᠬᠤᠷᠭ᠎ᠠ ᠬᠤᠪᠢᠶᠠᠭᠰᠠᠨ᠂ ᠭᠠᠵᠠᠷ ᠣᠷᠣᠨ ᠠᠯᠤᠰᠯᠠᠭᠰᠠᠨ ᠠᠵᠢᠯᠲᠠᠨ ᠡᠯᠰᠡᠬᠦ | ᠠᠵᠢᠯᠯᠠᠭ᠎ᠠ ᠶᠢ ᠣᠯᠠᠨ ᠤᠳᠠᠭ᠎ᠠ ᠡᠷᠭᠢᠯᠡᠵᠦ᠂ ᠲᠡᠭᠦᠰᠬᠦ ᠰᠤᠷᠤᠬᠴᠢᠳ ᠤᠨ ᠠᠵᠢᠯ ᠤᠨ ᠪᠠᠶᠢᠷᠢ ᠶᠢᠨ ᠡᠬᠢ ᠪᠠᠶᠠᠯᠢᠭ ᠢ | ᠤᠯᠠᠮ ᠨᠢᠭᠡ ᠠᠯᠬᠤᠮ ᠠᠭᠤᠳᠠᠯᠤᠨ᠎ᠠ ᠭᠡᠵᠦ ᠢᠯᠡᠳᠬᠡᠪᠡ᠃ | | ᠡᠳᠦᠭᠡ ᠥᠪᠥᠷ ᠮᠣᠩᠭᠤᠯ ᠶᠠᠭ ᠨᠢᠭᠡ ᠨᠢ ᠨᠢᠭᠡ ᠲᠠᠢ ᠪᠠᠨ ᠬᠤᠯᠪᠣᠯᠳᠤᠭᠰᠠᠨ ᠠᠯᠢ ᠤᠯᠠᠨ ᠠᠷᠭ᠎ᠠ | ᠬᠡᠮᠵᠢᠶ᠎ᠡ ᠪᠠᠷ ᠵᠠᠯᠠᠭᠤ ᠴᠢᠳᠠᠪᠤᠷᠢᠲᠠᠨ ᠳᠤ ᠪᠦᠭᠦ ᠲᠠᠯ᠎ᠠ ᠪᠠᠷ ᠦᠢᠯᠡᠴᠢᠯᠡᠵᠦ ᠪᠠᠶᠢᠨ᠎ᠠ᠃ ᠨᠡᠩ ᠤᠯᠠᠨ ᠵᠠᠯᠠᠭᠤᠴᠤᠳ | ᠬᠥᠮᠥᠨ ᠤ ᠠᠮᠢᠳᠤᠷᠠᠯ ᠤᠨ ᠪᠠᠶᠢᠷᠢᠰᠢᠯ ᠢᠶᠠᠨ ᠥᠪᠥᠷ ᠮᠣᠩᠭᠤᠯ ᠳᠤ ᠲᠣᠭᠲᠠᠭᠠᠵᠤ᠂ ᠵᠠᠯᠠᠭᠤ ᠨᠠᠰᠤ ᠪᠠ ᠬᠠᠯᠠᠭᠤᠨ | ᠴᠢᠰᠤ᠂ ᠮᠡᠳᠡᠯᠭᠡ ᠪᠠ ᠤᠶᠤᠨ ᠤᠬᠠᠭᠠᠨ ᠢᠶᠠᠷ ᠢᠶᠠᠨ ᠡᠬᠡ ᠤᠯᠤᠰ ᠤᠨ ᠪᠠᠷᠠᠭᠤᠨ ᠣᠷᠣᠨ ᠤ ᠥᠩ ᠰᠢᠮᠡᠯᠢᠭ | ᠬᠥᠷᠥᠰᠥ ᠰᠢᠷᠣᠢ ᠶᠢ ᠤᠮᠳᠠᠯᠠᠵᠤ᠂ ᠵᠠᠯᠠᠭᠤᠴᠤᠳ ᠪᠠ ᠭᠠᠵᠠᠷ ᠣᠷᠣᠨ ᠭᠠᠷ ᠬᠤᠯᠪᠣᠯᠴᠠᠨ ᠬᠠᠮᠲᠤ ᠪᠠᠷ | ᠤᠷᠤᠭᠰᠢᠯᠠᠵᠤ᠂ ᠬᠠᠮᠲᠤ ᠪᠠᠷ ᠬᠥᠭᠵᠢᠭᠰᠡᠨ ᠰᠠᠶᠢᠨ ᠰᠠᠶᠢᠬᠠᠨ ᠡᠪᠬᠡᠮᠡᠯ ᠵᠢᠷᠤᠭ ᠠᠭᠠᠵᠢᠮ ᠢᠶᠠᠷ ᠳᠡᠯᠭᠡᠭᠳᠡᠵᠦ ᠪᠠᠶᠢᠨ᠎ᠠ᠃ | | |