ᠰᠠᠶᠢᠬᠠᠨ ᠲᠣᠭᠤᠷᠢᠭ᠄ ᠬᠠᠶᠢᠷ᠎ᠠ ᠬᠠᠯᠠᠮᠵᠢ ᠪᠠᠷ ᠨᠠᠰᠤᠲᠠᠶᠢᠴᠤᠳ ᠢ ᠬᠠᠶᠢᠷᠠᠯᠠᠨ ᠬᠠᠯᠠᠮᠵᠢᠯᠠᠵᠤ᠂ ᠠᠴᠢᠯᠠᠯ ᠢᠶᠠᠷ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ ᠪᠠᠷ ᠭᠤᠣᠯ ᠰᠡᠳᠦᠪ ᠪᠣᠯᠭᠠᠭᠰᠠᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠦᠷᠨᠢᠭᠦᠯᠪᠠ
ᠨᠡᠶᠢᠲᠡᠯᠡᠭᠰᠡᠨ ᠴᠠᠭ᠄
2025/2/24
      ᠣᠶᠢᠷ᠎ᠠ ᠳᠤ᠂ ᠴᠡᠯᠡᠭᠡᠷ ᠲᠠᠯ᠎ᠠ ᠶᠢᠨ ᠨᠣᠭᠤᠭᠠᠨ ᠭᠠᠵᠠᠷ ᠤᠨ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠬᠠᠮᠲᠤ ᠪᠠᠷ ᠨᠠᠰᠤᠲᠠᠨ ᠢ ᠠᠰᠠᠷᠠᠬᠤ ᠬᠦᠷᠢᠶᠡᠯᠡᠩ ᠳᠤ ᠬᠦᠷᠴᠦ᠂ ︽ᠬᠠᠶᠢᠷ᠎ᠠ ᠬᠠᠯᠠᠮᠵᠢ ᠪᠠᠷ ᠨᠠᠰᠤᠲᠠᠶᠢᠴᠤᠳ ᠢ ᠬᠠᠶᠢᠷᠠᠯᠠᠨ ᠬᠠᠯᠠᠮᠵᠢᠯᠠᠵᠤ᠂ ᠠᠴᠢᠯᠠᠯ ᠢᠶᠠᠷ ᠪᠣᠯᠪᠠᠰᠤᠨ ᠢ ᠤᠯᠠᠮᠵᠢᠯᠠᠨ ᠵᠠᠯᠭᠠᠮᠵᠢᠯᠠᠬᠤ︾ ᠪᠠᠷ ᠭᠤᠣᠯ ᠰᠡᠳᠦᠪ ᠪᠣᠯᠭᠠᠭᠰᠠᠨ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠨᠢ ᠥᠪᠡᠷ ᠤᠨ ᠪᠡᠶ᠎ᠡ ᠪᠠᠷ ᠢᠶᠠᠨ ᠣᠷᠣᠯᠴᠠᠬᠤ ᠪᠠᠷ ᠳᠠᠮᠵᠢᠭᠤᠯᠵᠤ᠂ ᠰᠤᠷᠤᠭᠴᠢᠳ ᠤᠨ ᠰᠡᠳᠬᠢᠯ ᠤᠨ ᠬᠠᠶᠢᠷ᠎ᠠ ᠰᠡᠳᠬᠢᠯᠭᠡ ᠪᠠ ᠲᠠᠯᠠᠷᠬᠠᠬᠤ ᠰᠡᠳᠬᠢᠯ ᠢ ᠬᠥᠭᠵᠢᠭᠡᠬᠦ ᠶᠢᠨ ᠲᠥᠯᠥᠭᠡ ᠶᠤᠮ᠃ ᠬᠥᠳᠡᠯᠭᠡᠭᠡᠨ ᠤ ᠳᠤᠮᠳᠠ᠂ ᠰᠤᠷᠤᠭᠴᠢᠳ ᠭᠡᠷ ᠤᠨ ᠬᠡᠷᠡᠭᠰᠡᠯ ᠢᠶᠠᠨ ᠠᠪᠴᠦ᠂ ᠥᠨᠴᠥᠭ ᠪᠤᠯᠤᠩ ᠢ ᠴᠡᠪᠡᠷᠯᠡᠵᠦ᠂ ᠨᠠᠰᠤᠲᠠᠶᠢᠴᠤᠳ ᠤᠨ ᠣᠷᠣᠨ ᠰᠠᠭᠤᠴᠠ ᠪᠣᠯᠣᠨ ᠣᠯᠠᠨ ᠨᠡᠶᠢᠲᠡ ᠶᠢᠨ ᠠᠵᠢᠯᠯᠠᠭᠠᠨ ᠤ ᠣᠷᠣᠨ ᠪᠦᠰᠡ ᠶᠢ ᠴᠡᠪᠡᠷᠯᠡᠵᠦ᠂ ᠴᠡᠪᠡᠷ ᠴᠡᠮᠴᠡᠭᠡᠷ ᠠᠮᠢᠳᠤᠷᠠᠯ ᠤᠨ ᠣᠷᠴᠢᠨ ᠲᠣᠭᠤᠷᠢᠨ ᠢ ᠪᠣᠶ ᠪᠣᠯᠭᠠᠪᠠ᠃
图片3.png
 图片4.png  
图片5.png
图片7.png
      ᠰᠤᠷᠤᠭᠴᠢᠳ ᠳᠤᠭᠤᠶᠢᠯᠠᠩ ᠬᠤᠪᠢᠶᠠᠨ ᠨᠠᠰᠤᠲᠠᠳ ᠤᠨ ᠬᠠᠵᠠᠭᠤ ᠳᠤ ᠰᠠᠭᠤᠵᠤ᠂ ᠲᠡᠳᠡᠨ ᠤ ᠥᠩᠭᠡᠷᠡᠭᠰᠡᠨ ᠤ ᠦᠩᠭᠡᠷᠡᠯᠳᠠ ᠶᠢ ᠨᠠᠷᠢᠨ ᠬᠢᠨᠠᠮᠠᠭᠠᠢ ᠰᠤᠨᠤᠰᠴᠦ ᠨᠠᠰᠤᠲᠠᠶᠢᠴᠤᠳ ᠤᠨ ᠴᠢᠷᠠᠢ ᠳᠤ ᠪᠠᠶᠠᠷ ᠪᠠᠶᠠᠰᠬᠤᠯᠠᠩ ᠲᠠᠢ ᠢᠨᠢᠶᠡᠮᠰᠦᠭᠯᠡᠯ ᠲᠣᠳᠣᠷᠠᠪᠠ᠃
图片8.png
   
图片9.png
      ᠡᠭᠦᠨ ᠠᠴᠠ ᠭᠠᠳᠠᠨ᠎ᠠ᠂ ᠰᠤᠷᠤᠭᠴᠢᠳ ᠳᠠᠭᠤᠯᠠᠵᠦ᠂ ᠪᠥᠵᠢᠭ᠂ ᠤᠷᠠᠨ ᠤᠩᠰᠢᠯᠭ᠎ᠠ᠂ ᠬᠤᠯᠤ ᠶᠢᠨ ᠲᠣᠷᠭᠠᠨ ᠬᠥᠭᠵᠢᠮ ᠵᠡᠷᠭᠡ ᠲᠣᠭᠯᠠᠯᠲᠠ ᠪᠡᠯᠡᠳᠬᠡᠪᠡ᠃          ᠠᠵᠢᠯᠯᠠᠭ᠎ᠠ ᠨᠠᠰᠤᠲᠠᠶᠢᠴᠤᠳ ᠲᠤ ᠪᠠᠶᠠᠷ ᠪᠠᠶᠠᠰᠤᠯ ᠪᠠ ᠬᠠᠯᠠᠭᠤᠨ ᠳᠤᠯᠠᠭᠠᠨ ᠢ ᠠᠪᠴᠢᠷᠠᠭᠰᠠᠨ ᠢᠶᠠᠷ ᠪᠠᠷᠠᠬᠤ ᠦᠭᠡᠢ᠂ ᠰᠤᠷᠤᠭᠴᠢᠳ ᠤᠨ ᠰᠡᠳᠬᠢᠯ ᠳᠤ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠬᠤ ᠦᠷ᠎ᠡ ᠶᠢ ᠳᠠᠷᠢᠵᠠᠢ᠃ ᠢᠷᠡᠭᠡᠳᠦᠢ ᠳᠤ ᠰᠠᠶᠢᠬᠠᠨ ᠲᠣᠭᠤᠷᠢᠭ ᠡᠨᠡ ᠬᠦ ᠬᠠᠶᠢᠷ᠎ᠠ ᠬᠠᠯᠠᠮᠵᠢ ᠪᠠ ᠬᠠᠷᠢᠭᠤᠴᠠᠯᠭᠠᠲᠤ ᠰᠡᠳᠬᠢᠯᠭᠡ ᠪᠠᠨ ᠦᠨᠳᠦᠰᠦᠯᠡᠭᠦᠯᠵᠦ᠂ ᠨᠡᠩ ᠤᠯᠠᠨ ᠬᠥᠮᠥᠰ ᠲᠤ ᠠᠰᠢᠭ ᠬᠦᠷᠲᠡᠭᠡᠬᠦ ᠪᠣᠯᠣᠨ᠎ᠠ᠃           ᠢᠷᠡᠯᠲᠡ᠄  ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号