ᠭᠦᠭᠡᠬᠤᠲᠠ 677 ᠪᠠᠭᠰᠢ ᠡᠯᠰᠡᠨ᠎ᠡ
ᠨᠡᠶᠢᠲᠡᠯᠡᠭᠰᠡᠨ ᠴᠠᠭ᠄
2025/2/24
      2025 ᠣᠨ ᠳᠤ ᠭᠦᠭᠡᠬᠤᠲᠠ ᠶᠢᠨ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠨᠡᠶᠢᠭᠡᠮ ᠨᠡᠶᠢᠲᠡ ᠠᠴᠠ 677 ᠪᠠᠭᠰᠢ ᠠᠵᠢᠯᠲᠠᠨ ᠡᠯᠰᠡᠬᠦ ᠪᠠᠷ ᠪᠤᠶ᠂ ᠡᠭᠦᠨ ᠳᠤ ᠭᠦᠭᠡᠬᠤᠲᠠ ᠶᠢᠨ ᠣᠨᠴᠠᠭᠠᠶ ᠰᠤᠷᠭᠠᠨ ᠬᠥᠮᠦᠵᠢᠯ ᠤᠨ ᠰᠤᠷᠭᠠᠭᠤᠯᠢ ᠳᠤ ᠡᠯᠰᠡᠬᠦ 12 ᠬᠥᠮᠥᠨ ︵ᠭᠦᠭᠡᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠬᠠᠷᠢᠶ᠎ᠠ ᠠᠵᠢᠯ ᠦᠢᠯᠡᠰ ᠤᠨ ᠨᠢᠭᠡᠴᠢ︶ ᠪᠠᠭᠲᠠᠨ᠎ᠠ᠃      ᠨᠢᠭᠡ᠂ ᠨᠡᠷ᠎ᠡ ᠮᠡᠳᠡᠭᠦᠯᠬᠦ      ᠨᠡᠷ᠎ᠡ ᠮᠡᠳᠡᠭᠦᠯᠬᠦ ᠰᠦᠯᠵᠢᠶ᠎ᠡ᠄ ᠭᠦᠭᠡᠬᠤᠲᠠ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠮᠡᠳᠡᠭᠡ ᠵᠠᠩᠭᠢ ᠶᠢᠨ ᠰᠦᠯᠵᠢᠶ᠎ᠡ      ᠨᠡᠷ᠎ᠡ ᠮᠡᠳᠡᠭᠦᠯᠬᠦ ᠴᠠᠭ᠄ 2025 ᠣᠨ ᠤ 2 ᠰᠠᠷ᠎ᠠ ᠶᠢᠨ 24 ᠤ ᠡᠳᠦᠷ ᠤᠨ 9᠄ 00 ᠠᠴᠠ 2 ᠰᠠᠷ᠎ᠠ ᠶᠢᠨ 28 ᠤ ᠡᠳᠦᠷ ᠤᠨ 17᠄ 00 ᠪᠤᠯᠳᠠᠯ᠎ᠠ      ᠬᠢᠷᠢ ᠭᠡᠮ ᠤᠨ ᠠᠩᠬᠠᠨ ᠤ ᠬᠢᠨᠠᠯᠲᠠ ᠶᠢᠨ ᠴᠠᠭ᠄ 2025 ᠣᠨ ᠤ 2 ᠰᠠᠷ᠎ᠠ ᠶᠢᠨ 24 ᠤ ᠡᠳᠦᠷ ᠤᠨ 9᠄ 00 ᠠᠴᠠ 3 ᠰᠠᠷ᠎ᠠ ᠶᠢᠨ 1 ᠤ ᠡᠳᠦᠷ ᠤᠨ 17᠄ 00 ᠪᠤᠯᠲᠠᠯ᠎ᠠ      ᠰᠦᠢᠳᠬᠡᠯ ᠲᠤᠰᠢᠶᠠᠬᠤ ᠴᠠᠭ᠄ 2025 ᠣᠨ ᠤ 2 ᠰᠠᠷ᠎ᠠ ᠶᠢᠨ 24 ᠤ ᠡᠳᠦᠷ ᠤᠨ 9᠄ 00 ᠠᠴᠠ 3 ᠰᠠᠷ᠎ᠠ ᠶᠢᠨ 1 ᠤ ᠡᠳᠦᠷ ᠤᠨ 24᠄ 00 ᠪᠤᠯᠲᠠᠯ᠎ᠠᠬᠤᠶᠠᠷ᠂ ᠪᠢᠷ ᠤᠨ ᠰᠢᠯᠭᠠᠯᠲᠠ      ︵ᠨᠢᠭᠡ︶ 2025 ᠣᠨ ᠤ 3 ᠰᠠᠷ᠎ᠠ ᠶᠢᠨ 25 ᠠᠴᠠ 29 ᠤ ᠡᠳᠦᠷ ᠪᠤᠯᠲᠠᠯ᠎ᠠ ᠰᠢᠯᠭᠠᠭᠤᠯᠬᠤ ᠦᠨᠡᠮᠯᠡᠯ  ᠢᠶᠠᠨ ᠳᠠᠷᠤᠮᠠᠯᠯᠠᠬᠤ ᠬᠡᠷᠡᠭᠲᠡᠢ᠃      ︵ᠬᠤᠶᠠᠷ︶ ᠪᠢᠷ ᠤᠨ ᠰᠢᠯᠭᠠᠯᠲᠠ ᠳᠤ ︽ᠠᠵᠢᠯ ᠮᠡᠷᠭᠡᠵᠢᠯ ᠤᠨ ᠴᠢᠳᠠᠪᠤᠷᠢ ᠶᠢᠨ ᠬᠡᠯᠪᠡᠷᠢᠯ ᠤᠨ ᠪᠠᠶᠢᠴᠠᠭᠠᠯᠲᠠ︾ ᠪᠠ ︽ᠶᠡᠷᠦᠩᠬᠡᠶᠢᠯᠡᠭᠰᠡᠨ ᠬᠡᠷᠡᠭᠯᠡᠭᠡᠨ ᠤ ᠴᠢᠳᠠᠪᠤᠷᠢ︾ ᠭᠡᠬᠦ ᠬᠤᠶᠠᠷ ᠲᠥᠷᠥᠯ ᠪᠠᠭᠲᠠᠨ᠎ᠠ᠂ ᠲᠣᠰ ᠪᠦᠷᠢ 150 ᠬᠤᠪᠢ᠂ ᠶᠡᠷᠦᠩᠬᠡᠢ ᠬᠤᠪᠢ ᠨᠢ 300 ᠬᠤᠪᠢ᠃      ︵ᠭᠤᠷᠪᠠ︶ ᠪᠢᠷ ᠤᠨ ᠰᠢᠯᠭᠠᠯᠲᠠ ᠶᠢᠨ ᠴᠠᠭ᠄ 2025 ᠣᠨ ᠤ 3 ᠰᠠᠷ᠎ᠠ ᠶᠢᠨ 29 ᠤ ᠡᠳᠦᠷ ︵ᠭᠠᠷᠠᠭ ᠤᠨ ᠵᠢᠷᠭᠤᠭᠠᠨ︶᠃      ᠰᠢᠯᠭᠠᠯᠲᠠ ᠶᠢᠨ ᠪᠤᠰᠤᠳ ᠨᠠᠷᠢᠨ ᠠᠭᠤᠯᠭ᠎ᠠ ᠶᠢ ᠲᠤᠰ ᠬᠤᠯᠪᠣᠭᠠᠰᠤ ᠶᠢ ᠲᠣᠪᠴᠢᠳᠠᠵᠤ ᠦᠵᠡᠭᠡᠷᠡᠢ︕       ᠢᠷᠡᠯᠲᠡ᠄  ᠭᠦᠭᠡᠬᠤᠲᠠ ᠶᠢᠨ ᠠᠵᠢᠯᠲᠠᠨ ᠤ ᠶᠠᠪᠤᠳᠠᠯ ᠤᠨ ᠰᠢᠯᠭᠠᠯᠲᠠ ᠶᠢᠨ ᠲᠥᠪ 
 
ᠢᠷᠡᠯᠲᠡ᠄ ᠲᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号