| | ᠨᠢᠭᠡ ᠳᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠨ᠎ᠠ᠃ | ᠥᠪᠡᠷᠲᠡᠭᠡᠨ ᠵᠠᠰᠠᠬᠤ ᠣᠷᠣᠨ ᠤ ᠬᠥᠯᠥᠰᠦᠨ ᠠᠵᠢᠯᠴᠢᠨ ᠤ ᠴᠠᠯᠢᠩ ᠥᠭᠬᠦ ᠶᠢ ᠪᠠᠲᠤᠯᠠᠬᠤ ᠳᠦᠷᠢᠮ᠂ ᠴᠠᠬᠢᠯᠭᠠᠨ | ᠬᠥᠳᠡᠯᠭᠡᠭᠦᠷᠲᠦ ᠳᠤᠭᠤᠢ ᠲᠡᠷᠭᠡᠨ ᠤ ᠬᠠᠮᠢᠶᠠᠷᠤᠯᠲᠠ ᠶᠢᠨ ᠳᠦᠷᠢᠮ ᠵᠡᠷᠭᠡ ᠬᠠᠤᠯᠢ ᠲᠣᠭᠲᠠᠭᠠᠬᠤ 38 ᠲᠥᠷᠥᠯ | ᠵᠦᠢᠯ ᠢ ᠴᠢᠨᠠᠷ ᠰᠠᠶᠢᠲᠠᠢ ᠪᠡᠶᠡᠯᠡᠭᠦᠯᠦᠨ᠎ᠡ᠃ ᠬᠠᠤᠯᠢ ᠲᠣᠭᠲᠠᠭᠠᠬᠤ ᠠᠶᠤᠯ ᠲᠦᠭᠰᠢᠭᠦᠷᠢ ᠶᠢ ᠰᠡᠷᠭᠡᠶᠢᠯᠡᠬᠦ ᠪᠠ | ᠵᠢᠱᠢᠭᠰᠡᠨ ᠬᠠᠮᠢᠶᠠᠷᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠬᠠᠤᠯᠢ ᠲᠣᠭᠲᠠᠭᠠᠬᠤ ᠶᠢᠨ ᠬᠢᠨᠠᠨ | ᠪᠠᠶᠢᠴᠠᠭᠠᠬᠤ ᠲᠣᠭᠲᠠᠴᠠ ᠶᠢ ᠪᠦᠷᠢᠨᠰᠢᠭᠦᠯᠦᠨ᠂ ᠳᠠᠩᠰᠠᠯᠠᠵᠤ ᠬᠢᠨᠠᠨ ᠪᠠᠶᠢᠴᠠᠭᠠᠬᠤ ᠠᠵᠢᠯ ᠢ ᠵᠢᠷᠤᠮᠵᠢᠭᠤᠯᠵᠤ᠂ ᠬᠠᠤᠯᠢ | ᠲᠣᠭᠲᠠᠭᠠᠬᠤ ᠶᠢ ᠨᠠᠷᠢᠯᠢᠭᠵᠢᠭᠤᠯᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ | | | ᠬᠤᠶᠠᠷ ᠲᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢᠵᠢᠭᠰᠠᠨ ᠬᠢᠷᠢ ᠲᠦᠪᠰᠢᠨ ᠢ | ᠳᠡᠭᠡᠭᠰᠢᠯᠡᠭᠦᠯᠦᠨ᠎ᠡ᠃ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠪᠦᠬᠦᠢ ᠬᠢᠨᠠᠨ | ᠬᠠᠷᠭᠤᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠨᠠᠮ ᠵᠠᠰᠠᠭ ᠤᠨ ᠪᠠᠶᠢᠭᠤᠯᠭ᠎ᠠ ᠶᠢᠨ ᠬᠠᠤᠯᠢ ᠴᠠᠭᠠᠵᠠ ᠶᠢᠨ | ᠵᠥᠪᠯᠡᠭᠴᠢ ᠪᠠ ᠠᠯᠪᠠᠨ ᠲᠤᠰᠢᠶᠠᠯᠲᠤ ᠬᠠᠤᠯᠢᠴᠢ ᠶᠢᠨ ᠠᠵᠢᠯ ᠢ ᠴᠢᠩᠭᠠᠳᠬᠠᠨ ᠵᠢᠷᠤᠮᠵᠢᠭᠤᠯᠵᠤ᠂ ᠬᠠᠤᠯᠢ | ᠴᠠᠭᠠᠵᠠ ᠶᠢᠨ ᠵᠥᠪᠯᠡᠭᠴᠢ ᠶᠢᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠲᠠᠯ᠎ᠠ ᠪᠠᠷ ᠬᠢ ᠬᠢᠨᠠᠨ ᠰᠢᠯᠭᠠᠬᠤ | ᠳᠦᠷᠢᠮ ᠢ ᠲᠡᠭᠦᠯᠳᠡᠷᠵᠢᠭᠦᠯᠦᠨ᠂ ᠨᠠᠮ ᠵᠠᠰᠠᠭ ᠤᠨ ᠪᠠᠶᠢᠭᠤᠯᠭ᠎ᠠ ᠨᠤᠭᠤᠳ ᠲᠤ ᠬᠠᠤᠯᠢ ᠴᠠᠭᠠᠵᠠ ᠶᠢᠨ ᠵᠥᠪᠯᠡᠭᠴᠢ | ᠪᠦᠬᠦᠨ ᠢ ᠬᠠᠮᠤᠷᠤᠭᠰᠠᠨ ᠪᠠᠶᠢᠬᠤ ᠶᠢ ᠪᠡᠶᠡᠯᠡᠭᠦᠯᠦᠨ᠎ᠡ᠃ | | | ᠭᠤᠷᠪᠠ ᠳᠤ᠂ ᠬᠠᠤᠯᠢ ᠬᠡᠷᠡᠭᠵᠢᠭᠦᠯᠦᠯᠲᠡ ᠶᠢᠨ ᠵᠢᠷᠤᠮᠵᠢᠭᠰᠠᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ᠎ᠡ᠃ | ᠠᠵᠤ ᠠᠬᠤᠶᠢᠯᠠᠯ ᠳᠤ ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠶᠢ | ᠥᠷᠨᠢᠭᠦᠯᠵᠦ᠂ ︽ᠨᠢᠭᠡ ᠯᠡ ᠤᠳᠠᠭ᠎ᠠ ᠶᠡᠷᠦᠩᠬᠡᠶᠢᠯᠡᠨ ᠪᠠᠶᠢᠴᠠᠭᠠᠬᠤ︾ ᠬᠤᠯᠪᠣᠭᠠᠯᠠᠭᠰᠠᠨ ᠬᠠᠤᠯᠢ ᠬᠡᠷᠡᠭᠵᠢᠭᠦᠯᠬᠦ | ᠲᠣᠭᠲᠠᠴᠠ ᠶᠢ ᠲᠡᠭᠦᠯᠳᠡᠷᠵᠢᠭᠦᠯᠦᠨ᠂ ᠳᠤᠷ᠎ᠠ ᠪᠠᠷ ᠢᠶᠠᠨ ᠰᠦᠢᠳᠬᠡᠯ ᠬᠤᠷᠢᠶᠠᠬᠤ᠂ ᠳᠤᠷ᠎ᠠ ᠪᠠᠷ ᠢᠶᠠᠨ ᠵᠣᠭᠤᠰ ᠢᠶᠠᠷ | ᠲᠣᠷᠭᠠᠬᠤ᠂ ᠳᠤᠷ᠎ᠠ ᠪᠠᠷ ᠢᠶᠠᠨ ᠪᠠᠶᠢᠴᠠᠭᠠᠬᠤ᠂ ᠳᠤᠷ᠎ᠠ ᠪᠠᠷ ᠢᠶᠠᠨ ᠪᠠᠶᠢᠴᠠᠭᠠᠨ ᠪᠢᠲᠡᠭᠦᠮᠵᠢᠯᠡᠬᠦ ᠵᠡᠷᠭᠡ | ᠠᠰᠠᠭᠤᠳᠠᠯ ᠤᠳ ᠢ ᠲᠥᠪᠯᠡᠷᠡᠭᠦᠯᠦᠨ ᠴᠡᠭᠴᠡᠯᠡᠨ ᠵᠠᠰᠠᠨ᠎ᠠ︔ ᠪᠥᠬᠦ ᠣᠷᠣᠨ ᠤ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠨᠢᠭᠡ ᠴᠣᠭᠴᠠᠵᠢᠭᠤᠯᠤᠭᠰᠠᠨ ᠲᠠᠪᠴᠠᠩ ᠤᠨ ᠪᠠᠶᠢᠭᠤᠯᠤᠯᠲᠠ ᠶᠢ | ᠴᠢᠩᠭᠠᠳᠬᠠᠵᠤ᠂ ᠢᠯᠡ ᠪᠠᠷ ᠪᠣᠯᠵᠣᠨ ᠶᠠᠷᠢᠯᠴᠠᠬᠤ᠂ ᠰᠢᠭᠤᠳ ᠰᠢᠮᠳᠠᠭᠤᠯᠤᠨ ᠰᠢᠢᠳᠪᠦᠷᠢᠯᠡᠭᠦᠯᠬᠦ᠂ ᠵᠠᠷᠯᠠᠨ ᠢᠯᠡᠴᠢᠯᠡᠬᠦ | ᠪᠠ ᠬᠡᠷᠡᠭ ᠢ ᠰᠢᠯᠵᠢᠭᠦᠯᠦᠨ ᠬᠦᠷᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢᠨ ᠶᠠᠰᠤ ᠴᠢᠨᠠᠷ ᠪᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | | | ᠳᠥᠷᠪᠡ ᠳᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠳᠦᠷᠢᠮ ᠤᠨ ᠴᠢᠳᠠᠪᠤᠷᠢ ᠶᠢ ᠳᠡᠭᠡᠭᠰᠢᠯᠡᠭᠦᠯᠦᠨ᠎ᠡ᠃ | ᠵᠠᠰᠠᠭ ᠵᠠᠬᠢᠷᠭᠠᠨ ᠤ ᠳᠠᠬᠢᠨ ᠵᠥᠪᠯᠡᠬᠦ ᠡᠩᠨᠡᠭᠡ ᠶᠢᠨ ᠲᠤᠰᠬᠠᠶᠢᠵᠢᠭᠰᠠᠨ ᠪᠠ ᠵᠢᠷᠤᠮᠵᠢᠭᠰᠠᠨ ᠪᠠᠶᠢᠭᠤᠯᠤᠯᠲᠠ ᠶᠢ | ᠲᠦᠯᠬᠢᠨ ᠠᠬᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠭᠦᠬᠦ᠂ ᠡᠶᠡᠳᠡᠭᠦᠯᠬᠦ ᠡᠪᠰᠡᠭᠦᠯᠬᠦ᠂ | ᠬᠠᠭᠤᠯᠤᠨ ᠮᠡᠳᠡᠭᠦᠯᠬᠦ ᠪᠠᠷ ᠲᠣᠭᠲᠠᠭᠠᠬᠤ ᠵᠢᠴᠢ ᠭᠦᠢᠴᠡᠳᠬᠡᠬᠦ ᠵᠡᠷᠭᠡ ᠠᠵᠢᠯ ᠤᠨ ᠲᠣᠭᠲᠠᠴᠠ ᠶᠢ | ᠲᠡᠭᠦᠯᠳᠡᠷᠵᠢᠭᠦᠯᠦᠨ᠂ ᠣᠨᠴᠠᠭᠠᠢ ᠬᠡᠷᠡᠭ ᠤᠨ ᠪᠤᠷᠤᠭᠤ ᠶᠢ ᠵᠠᠯᠠᠷᠠᠭᠤᠯᠬᠤ ᠪᠠ ᠠᠳᠠᠯᠢᠪᠲᠤᠷ ᠬᠡᠷᠡᠭ ᠤᠨ ᠵᠢᠷᠤᠮᠵᠢᠯ ᠢ | ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠡᠩ ᠲᠡᠷᠢᠭᠦᠨ ᠳᠤ ᠪᠣᠳᠣᠯᠬᠢᠯᠠᠨ ᠰᠣᠩᠭᠤᠬᠤ ᠨᠣᠷᠮ᠎ᠠ | ᠪᠣᠯᠣᠨ ᠨᠡᠶᠢᠲᠡ ᠳᠤ ᠢᠲᠡᠭᠡᠭᠦᠯᠬᠦ ᠬᠦᠴᠦᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ︵ᠬᠠᠤᠯᠢ ᠴᠠᠭᠠᠵᠠ ᠶᠢᠨ | ᠲᠢᠩᠬᠢᠮ︶ |