ᠰᠠᠶᠢᠬᠠᠨ ᠲᠣᠭᠤᠷᠢᠭ᠄ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠬᠦᠴᠦᠨ ᠨᠡᠮᠡᠷᠢᠯᠡᠵᠦ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠬᠥᠭᠵᠢᠮ ᠢ ᠬᠥᠭᠵᠢᠮᠳᠡᠨ᠎ᠡ
ᠨᠡᠶᠢᠲᠡᠯᠡᠭᠰᠡᠨ ᠴᠠᠭ᠄
2025/2/25
       2 ᠰᠠᠷ᠎ᠠ ᠶᠢᠨ 19 ᠤ ᠡᠳᠦᠷ ᠠᠴᠠ 20 ᠪᠣᠯᠲᠠᠯ᠎ᠠ᠂ ᠰᠠᠶᠢᠬᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠲᠠᠷᠢᠶᠠᠯᠠᠩ ᠤᠨ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ ᠬᠤᠸᠠᠬᠤᠰᠢᠭᠤ ᠪᠠᠯᠭᠠᠰᠤ᠂ ᠪᠠᠶᠠᠨᠵᠡᠭᠡᠯᠢ ᠭᠤᠳᠤᠮᠵᠢ ᠵᠡᠷᠭᠡ ᠭᠠᠵᠠᠷ ᠲᠤ ᠭᠦᠨᠵᠡᠭᠡᠶᠢᠷᠡᠵᠦ᠂ 2025 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠳᠤ ᠲᠤᠬᠠᠢ ᠶᠢᠨ ᠭᠠᠵᠠᠷ ᠤᠨ ᠪᠠᠶᠢᠴᠠᠭᠠᠨ ᠰᠤᠳᠤᠯᠤᠯᠲᠠ ᠪᠠ ᠬᠢᠨᠠᠨ ᠲᠣᠭᠲᠠᠭᠠᠬᠤ ᠠᠵᠢᠯ ᠢ ᠥᠷᠨᠢᠭᠦᠯᠪᠡ᠃           ᠲᠤᠬᠠᠢ ᠶᠢᠨ ᠭᠠᠵᠠᠷ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ᠂ ᠲᠤᠰᠬᠠᠢ ᠮᠡᠷᠭᠡᠵᠢᠯᠲᠡᠨ ᠬᠢᠨᠠᠨ ᠲᠣᠭᠲᠠᠭᠠᠬᠤ ᠳᠤᠭᠤᠶᠢᠯᠠᠩ ᠵᠢᠷᠤᠭ ᠲᠥᠯᠥᠪᠯᠡᠭᠡ ᠶᠢ ᠪᠠᠶᠢᠴᠠᠭᠠᠨ ᠦᠵᠡᠬᠦ ᠪᠠᠷ ᠳᠠᠮᠵᠢᠭᠤᠯᠤᠨ᠂ ᠲᠥᠯᠦᠪᠵᠢᠭᠦᠯᠭᠡ ᠵᠢᠷᠤᠭ ᠪᠣᠯᠣᠨ ᠪᠣᠳᠠᠲᠠᠢ ᠭᠠᠵᠠᠷ ᠤᠨ ᠪᠠᠶᠢᠴᠠ ᠭᠠᠵᠠᠷ ᠤᠨ ᠭᠠᠳᠠᠷᠭᠤ ᠲᠠᠢ ᠬᠠᠷᠢᠴᠠᠭᠤᠯᠵᠤ᠂ ᠲᠥᠷᠥᠯ ᠵᠦᠢᠯ ᠤᠨ ᠪᠠᠶᠢᠷᠢᠰᠢᠭᠤᠯᠤᠯᠲᠠ ᠶᠢᠨ ᠵᠦᠢ ᠵᠣᠬᠢᠰᠲᠠᠢ ᠪᠠᠶᠢᠬᠤ ᠶᠢ ᠦᠨᠡᠨ ᠬᠦ ᠪᠠᠲᠤᠯᠠᠪᠠ︔ ᠲᠤᠬᠠᠢ ᠶᠢᠨ ᠲᠠᠯᠠᠪᠤᠷ ᠲᠤ ᠲᠥᠷᠥᠯ ᠵᠦᠢᠯ ᠤᠨ ᠣᠷᠣᠨ ᠤ ᠬᠥᠷᠥᠰᠥ ᠰᠢᠷᠣᠢ ᠶᠢᠨ ᠨᠥᠬᠦᠴᠡᠯ᠂ ᠤᠰᠤᠨ ᠤ ᠡᠬᠢ ᠰᠤᠷᠪᠤᠯᠵᠢ ᠶᠢᠨ ᠪᠠᠶᠢᠳᠠᠯ᠂ ᠬᠤᠭᠤᠯᠠᠢ ᠱᠤᠭᠤᠮ ᠤᠨ ᠪᠠᠶᠢᠷᠢᠯᠠᠭᠤᠯᠤᠯᠲᠠ ᠵᠡᠷᠭᠡ ᠪᠡᠯᠡᠳᠬᠡᠮᠵᠢ ᠶᠢᠨ ᠠᠵᠢᠯᠯᠠᠭᠠᠨ ᠤ ᠨᠥᠬᠦᠴᠡᠯ ᠢ ᠣᠶᠢᠯᠠᠭᠠᠬᠤ ᠶᠢᠨ ᠬᠠᠮᠲᠤ ᠲᠥᠯᠦᠪᠵᠢᠭᠦᠯᠭᠡ ᠵᠢᠷᠤᠭ ᠵᠡᠷᠭᠡ ᠱᠠᠭᠠᠷᠳᠠᠯᠭ᠎ᠠ ᠳᠤ ᠲᠤᠬᠠᠢ ᠶᠢᠨ ᠲᠠᠯᠠᠪᠤᠷ  ᠵᠢᠯᠣᠭᠤᠳᠤᠯᠭ᠎ᠠ ᠣᠯᠭᠤᠨ᠎ᠠ᠃          ᠲᠥᠰᠥᠯ ᠢ ᠬᠢᠨᠠᠨ ᠲᠣᠭᠲᠠᠭᠠᠬᠤ ᠬᠤᠷᠠᠯ ᠳᠡᠭᠡᠷ᠎ᠡ᠂ ᠵᠢᠷᠤᠵᠤ ᠲᠥᠯᠥᠪᠯᠡᠬᠦ ᠨᠢᠭᠡᠴᠡ ᠲᠥᠷᠥᠯ ᠵᠦᠢᠯ ᠤᠨ ᠪᠠᠶᠢᠳᠠᠯ ᠢᠶᠠᠨ ᠨᠠᠷᠢᠨ ᠲᠣᠳᠣᠷᠬᠠᠢ ᠬᠠᠷᠢᠭᠤ ᠮᠡᠳᠡᠭᠦᠯᠪᠡ᠃ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠬᠤ ᠳᠤᠭᠤᠶᠢᠯᠠᠩ ᠨᠢ ᠠᠩᠬ᠎ᠠ ᠠᠯᠬᠤᠮ ᠤᠨ ᠵᠢᠷᠤᠭ ᠲᠥᠯᠥᠪᠯᠡᠭᠡ ᠶᠢᠨ ᠲᠥᠰᠥᠯ ᠳᠤ ᠪᠦᠬᠦ ᠲᠠᠯ᠎ᠠ ᠶᠢᠨ᠂ ᠭᠦᠨᠵᠡᠭᠡᠢ ᠬᠢᠨᠠᠨ ᠪᠠᠶᠢᠴᠠᠭᠠᠬᠤ ᠪᠠ ᠦᠨᠡᠯᠡᠨ ᠵᠢᠰᠢᠯᠳᠠ ᠬᠢᠬᠦ ᠬᠡᠷᠡᠭᠲᠡᠢ᠃ ᠲᠤᠰᠬᠠᠢ ᠮᠡᠷᠭᠡᠵᠢᠯᠲᠡᠨ ᠵᠢᠴᠢ ᠡᠯ᠎ᠡ ᠬᠠᠮᠢᠶ᠎ᠠ ᠪᠦᠬᠦᠢ ᠲᠠᠯ᠎ᠠ ᠶᠢᠨ ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠤᠯᠤᠰ ᠪᠠ ᠣᠷᠣᠨ ᠨᠤᠲᠤᠭ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠮᠡᠷᠭᠡᠵᠢᠯ ᠤᠨ ᠪᠠᠷᠢᠮᠵᠢᠶ᠎ᠠ ᠪᠠ ᠵᠢᠷᠤᠮᠵᠢᠯ ᠢ ᠦᠨᠳᠦᠰᠦᠯᠡᠨ᠂ ᠲᠥᠷᠥᠯ ᠵᠦᠢᠯ ᠤᠨ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠵᠢᠷᠤᠭ ᠲᠥᠯᠥᠪᠯᠡᠭᠡ ᠶᠢᠨ ᠲᠥᠰᠥᠯ ᠤᠨ ᠰᠢᠨᠵᠢᠯᠡᠬᠦ ᠤᠬᠠᠭᠠᠨᠴᠢ ᠴᠢᠨᠠᠷ᠂ ᠵᠦᠢ ᠶᠣᠰᠣᠴᠢ ᠴᠢᠨᠠᠷ᠂ ᠪᠣᠯᠣᠮᠵᠢᠲᠤ ᠴᠢᠨᠠᠷ ᠵᠢᠴᠢ ᠠᠵᠤ ᠠᠬᠤᠢ ᠶᠢᠨ ᠴᠢᠨᠠᠷ ᠵᠡᠷᠭᠡ ᠲᠠᠯ᠎ᠠ ᠪᠠᠷ ᠨᠠᠷᠢᠨ ᠵᠠᠳᠠᠯᠤᠯᠲᠠ ᠬᠢᠬᠦ ᠶᠢᠨ ᠬᠠᠮᠲᠤ ᠰᠠᠨᠠᠯ ᠰᠠᠨᠠᠭᠤᠯᠭ᠎ᠠ ᠳᠤᠷᠠᠳᠴᠤ᠂ ᠵᠢᠷᠤᠭ ᠲᠥᠯᠥᠪᠯᠡᠭᠡ ᠶᠢᠨ ᠲᠥᠰᠥᠯ ᠤᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠩᠭᠠᠬᠤ ᠶᠢ ᠪᠠᠲᠤᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠪᠠᠲᠤ ᠪᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠰᠠᠭᠤᠷᠢ ᠶᠢ ᠬᠠᠩᠭᠠᠨ᠎ᠠ᠃
图片10.png
       ᠣᠶᠢᠯᠠᠭᠠᠭᠰᠠᠨ ᠢᠶᠠᠷ᠂ ᠲᠣᠰ ᠤᠳᠠᠭᠠᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠵᠢᠷᠤᠭ ᠲᠥᠯᠥᠪᠯᠡᠭᠡ ᠶᠢᠨ ᠲᠥᠷᠥᠯ ᠵᠦᠢᠯ ᠨᠢ ᠰᠠᠶᠢᠬᠠᠨ ᠲᠣᠭᠤᠷᠢᠭ ᠤᠨ ᠬᠤᠸᠠᠬᠤᠰᠢᠭᠤ ᠪᠠᠯᠭᠠᠰᠤ᠂ ᠶᠢᠨ ᠾᠧ ᠪᠠᠯᠭᠠᠰᠤ᠂ ᠪᠠᠶᠠᠨ ᠵᠡᠭᠡᠯᠢ ᠭᠤᠳᠤᠮᠵᠢ ᠶᠢᠨ 14 ᠲᠣᠰᠬᠤᠨ ᠨᠡᠶᠢᠲᠡ 5.39 ᠲᠦᠮᠡᠨ ᠮᠦ ᠲᠠᠷᠢᠶᠠᠨ ᠭᠠᠵᠠᠷ ᠲᠤ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ ᠵᠢᠷᠤᠵᠤ ᠲᠥᠯᠥᠪᠯᠡᠵᠦ᠂ ᠲᠠᠷᠢᠶᠠᠨ ᠭᠠᠵᠠᠷ ᠤᠨ ᠰᠠᠭᠤᠷᠢ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠭᠠᠵᠠᠷ ᠰᠢᠷᠣᠢ ᠶᠢᠨ ᠠᠰᠢᠭᠯᠠᠯᠲᠠ ᠶᠢᠨ ᠪᠦᠲᠦᠴᠡ ᠶᠢ ᠰᠢᠯᠢᠳᠡᠭᠵᠢᠭᠦᠯᠬᠦ᠂ ᠬᠥᠷᠥᠰᠥ ᠰᠢᠷᠣᠢ ᠶᠢᠨ ᠶᠠᠰᠤ ᠴᠢᠨᠠᠷ ᠢ ᠳᠡᠭᠡᠭᠰᠢᠯᠡᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠲᠥᠪᠯᠡᠷᠡᠨ ᠵᠠᠯᠭᠠᠯᠳᠤᠭᠰᠠᠨ᠂ ᠭᠠᠩᠳᠠᠵᠤ ᠤᠰᠤᠲᠤᠪᠠᠴᠤ ᠬᠤᠷᠢᠶᠠᠯᠲᠠ ᠶᠢ ᠪᠠᠲᠤᠯᠠᠭᠰᠠᠨ᠂ ᠤᠰᠤ ᠠᠷᠪᠢᠯᠠᠬᠤ ᠥᠨᠳᠥᠷ ᠪᠦᠲᠦᠮᠵᠢᠲᠡᠶ᠂ ᠲᠣᠭᠲᠠᠭᠤᠨ ᠪᠥᠭᠡᠳ ᠥᠨᠳᠥᠷ ᠤᠨᠠᠯᠲᠠ ᠲᠠᠢ᠂ ᠠᠮᠢ ᠠᠬᠤᠢ ᠨᠥᠬᠦᠷᠰᠡᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠣᠶ ᠪᠣᠯᠭᠠᠪᠠ᠃          ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠲᠠᠷᠢᠶᠠᠯᠠᠩ ᠤᠨ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠬᠦ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠃ ᠰᠠᠶᠢᠬᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠢᠯᠡᠷᠬᠡᠶᠢᠯᠡᠬᠦ ᠳᠡᠭᠡᠨ᠂ ᠳᠠᠷᠠᠭᠠᠴᠢ ᠪᠠᠷ ᠲᠤᠰᠬᠠᠢ ᠮᠡᠷᠭᠡᠵᠢᠯᠲᠡᠨ ᠤ ᠬᠢᠨᠠᠨ ᠲᠣᠭᠲᠠᠭᠠᠭᠰᠠᠨ ᠰᠠᠨᠠᠯ ᠢ ᠦᠨᠳᠦᠰᠦᠯᠡᠨ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠦᠷᠦᠯ ᠵᠦᠢᠯ ᠢ ᠴᠠᠭ ᠲᠤᠬᠠᠢ ᠳᠤᠨᠢ᠂ ᠴᠢᠨᠠᠷ ᠰᠠᠶᠢᠲᠠᠢ ᠪᠡᠶᠡᠯᠡᠭᠦᠯᠬᠦ ᠶᠢ ᠪᠠᠲᠤᠯᠠᠵᠤ᠂ ᠰᠢᠨ᠎ᠡ ᠨᠢᠭᠡ ᠵᠢᠯ ᠤᠨ ᠲᠠᠷᠢᠶᠠᠯᠠᠩ ᠤᠨ ᠡᠯᠪᠡᠭ ᠬᠤᠷᠢᠶᠠᠯᠲᠠ ᠳᠤ ᠪᠠᠲᠤ ᠪᠠᠬᠢ ᠰᠠᠭᠤᠷᠢ ᠲᠠᠯᠪᠢᠵᠤ᠂ ᠲᠠᠷᠢᠮᠠᠯ ᠤᠨ ᠤᠷᠭᠤᠴᠠ ᠳᠤ ᠰᠠᠶᠢᠬᠠᠨ ᠰᠠᠭᠤᠷᠢ ᠨᠥᠬᠦᠴᠡᠯ ᠬᠠᠩᠭᠠᠵᠤ᠂ ᠤᠰᠤ ᠠᠷᠪᠢᠯᠠᠬᠤ᠂ ᠪᠣᠷᠳᠣᠭᠤᠷ ᠠᠷᠪᠢᠯᠠᠬᠤ᠂ ᠪᠡᠯᠡ ᠮᠥᠩᠭᠦ ᠶᠢ ᠠᠷᠪᠢᠯᠠᠬᠤ᠂ ᠦᠷ᠎ᠡ ᠠᠰᠢᠭ ᠢ ᠨᠡᠮᠡᠭᠳᠡᠭᠦᠯᠬᠦ ᠳᠤ ᠬᠦᠷᠭᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠲᠣᠭᠲᠠᠭᠤᠨ ᠢᠶᠠᠷ ᠬᠡᠷᠡᠭᠵᠢᠭᠦᠯᠬᠦ ᠳᠤ ᠬᠦᠴᠦᠨ ᠨᠡᠮᠡᠷᠢᠯᠡᠨ᠎ᠡ ᠭᠡᠵᠡᠢ᠃      ᠢᠷᠡᠯᠲᠡ᠄  ᠰᠠᠶᠢᠬᠠᠨ  ᠲᠣᠭᠤᠷᠢᠭ ᠤᠨ ᠠᠷᠠᠳ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ 
 
ᠢᠷᠡᠯᠲᠡ᠄ ᠰᠠᠶᠢᠬᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备10000440号